ᠰᠢ ᠶᠢᠨ ᠫᠢᠩ ᠫᠠᠷᠢᠰ ᠲᠤ ᠬᠦᠷᠴᠦ ᠹᠷᠠᠨᠼᠢ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠪᠡ
ᠨᠡᠶᠢᠲᠡᠯᠡᠭᠰᠡᠨ ᠴᠠᠭ᠄
2024/5/6
   ᠰᠢᠨᠬᠤᠸᠠ ᠬᠤᠷᠢᠶᠠᠨ ᠤ ᠫᠠᠷᠢᠰ ᠤᠨ 5 ᠰᠠᠷ᠎ᠠ ᠶᠢᠨ 5᠎ ᠤ ᠡᠳᠦᠷ ᠤᠨ ᠴᠠᠬᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 5᠎ ᠤ ᠡᠳᠦᠷ ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠲᠤ ᠬᠦᠷᠴᠦ᠂ ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠶᠡᠷᠦᠩᠬᠡᠶᠢᠯᠡᠭᠴᠢ ᠮᠠᠶᠢᠺᠷᠤᠨ ᠤᠨ ᠤᠷᠢᠯᠭ᠎ᠠ ᠪᠠᠷ᠂ ᠹᠷᠠᠨᠼᠢ ᠳᠤ ᠲᠥᠷᠥ ᠶᠢᠨ ᠠᠶᠢᠯᠴᠢᠯᠠᠯᠲᠠ ᠬᠢᠪᠡ᠃
945.jpg
    ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠤᠨ ᠣᠯᠢ ᠨᠢᠰᠬᠡᠯ ᠤᠨ ᠪᠠᠭᠤᠳᠠᠯ ᠳᠤ ᠬᠦᠷᠴᠦ ᠢᠷᠡᠬᠦ ᠳᠤ᠂ ᠹᠷᠠᠨᠼᠢ ᠶᠢᠨ ᠶᠡᠷᠦᠩᠬᠡᠢ ᠰᠠᠶᠢᠳ ᠠᠲ᠋ᠠᠯ ᠵᠡᠷᠭᠡ ᠹᠷᠠᠨᠼᠢ ᠶᠢᠨ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ ᠲᠥᠯᠥᠭᠡᠯᠡᠭᠴᠢᠳ ᠬᠠᠯᠠᠭᠤᠨ ᠢᠶᠠᠷ ᠤᠭᠲᠤᠪᠠ᠃    ᠰᠢ ᠶᠢᠨ ᠫᠢᠩ ᠪᠢᠴᠢᠭ ᠤᠨ ᠶᠠᠷᠢᠶ᠎ᠠ ᠲᠠᠯᠪᠢᠪᠠ᠃ ᠰᠢ ᠶᠢᠨ ᠫᠢᠩ᠂ ᠪᠢ ᠹᠷᠠᠨᠼᠢ ᠳᠤ ᠭᠤᠷᠪᠠᠳᠤᠭᠠᠷ ᠤᠳᠠᠭ᠎ᠠ ᠶᠢᠨ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ ᠹᠷᠠᠨᠼᠢ ᠶᠢᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠢ ᠶᠢ ᠪᠡᠯᠭᠡᠯᠡᠪᠡ᠃ ᠵᠡᠭᠦᠨ ᠪᠠᠷᠠᠭᠤᠨ ᠣᠷᠣᠨ ᠤ ᠪᠣᠯᠪᠠᠰᠤᠨ ᠤ ᠴᠢᠬᠤᠯᠠ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠪᠣᠯᠤᠨ ᠹᠷᠠᠨᠼᠢ ᠤᠷᠲᠤ ᠬᠤᠭᠤᠴᠠᠭᠠᠨ ᠤ ᠲᠤᠷᠰᠢ ᠬᠠᠷᠢᠯᠴᠠᠨ ᠪᠠᠭ᠋ᠠᠷᠬᠠᠵᠤ᠂ ᠬᠠᠷᠢᠯᠴᠠᠨ ᠲᠠᠲᠠᠵᠤ ᠪᠠᠶᠢᠨ᠎ᠠ᠃ 60 ᠵᠢᠯ ᠤᠨ ᠡᠮᠦᠨ᠎ᠡ ᠳᠤᠮᠳᠠᠳᠤ ᠹᠷᠠᠨᠴᠢ ᠬᠤᠶᠠᠷ ᠤᠯᠤᠰ ᠬᠦᠢᠢᠲᠠᠨ ᠳᠠᠶᠢᠨ ᠤ ᠬᠠᠷᠰᠢ ᠶᠢ ᠰᠢᠪᠲᠤᠯᠵᠤ᠂ ᠡᠯᠴᠢᠨ ᠤ ᠲᠠᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠵᠠᠢ᠃ 60 ᠵᠢᠯ ᠤᠨ ᠲᠤᠷᠰᠢ᠂ ᠳᠤᠮᠳᠠᠳᠤ ᠤᠯᠤᠰ ᠪᠣᠯᠤᠨ ᠹᠷᠠᠨᠽᠢ ᠶᠢᠨ ᠬᠠᠷᠢᠴᠠᠭ᠎ᠠ ᠢᠮᠠᠭᠲᠠ ᠳᠤᠮᠳᠠᠳᠤ ᠤᠯᠤᠰ ᠪᠣᠯᠤᠨ ᠥᠷᠥᠨᠡᠳᠠᠬᠢᠨ ᠤ ᠤᠯᠤᠰ ᠤᠨ ᠬᠠᠷᠢᠴᠠᠭᠠᠨ ᠤ ᠡᠮᠦᠨ᠎ᠡ ᠡᠩᠨᠡᠭᠡᠨ ᠳᠤ ᠵᠠᠪᠤᠵᠤ ᠪᠠᠶᠢᠨ᠎ᠠ᠃ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠬᠥᠭᠵᠢᠯᠲᠡ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠣᠯᠭᠤᠭᠰᠠᠨ ᠢᠶᠠᠷ ᠪᠠᠷᠠᠬᠤ ᠦᠭᠡᠢ ᠪᠠᠰᠠ ᠲᠣᠭᠲᠠᠭᠤᠨ ᠪᠤᠰᠤ ᠳᠡᠯᠡᠬᠡᠢ ᠶᠢᠷᠲᠢᠨᠴᠦ ᠳᠤ ᠲᠣᠭᠲᠠᠪᠤᠷᠢᠲᠤ ᠴᠢᠨᠠᠷ ᠪᠠ ᠢᠳᠡᠪᠬᠢ ᠬᠦᠴᠦᠨ ᠨᠡᠮᠡᠷᠢᠯᠡᠭᠰᠡᠨ ᠪᠠᠶᠢᠨ᠎ᠠ᠃ ᠠᠶᠢᠯᠴᠢᠯᠠᠯᠲᠠ ᠶᠢᠨ ᠬᠤᠭᠤᠴᠠᠭᠠᠨ ᠳᠤ ᠪᠢ ᠶᠡᠷᠦᠩᠬᠡᠶᠢᠯᠡᠭᠴᠢ ᠮᠠᠶᠢᠺᠷᠤᠨ ᠲᠠᠢ ᠰᠢᠨ᠎ᠡ ᠪᠠᠶᠢᠳᠠᠯ ᠳᠣᠣᠷᠠᠬᠢ ᠳᠤᠮᠳᠠᠳᠤ ᠹᠷᠠᠨᠼᠢ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠬᠥᠭᠵᠢᠯᠲᠡ ᠵᠢᠴᠢ ᠣᠳᠣᠬᠠᠨ ᠤ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠡᠨᠡ ᠤᠳᠠᠭᠠᠨ ᠤ ᠠᠶᠢᠯᠴᠢᠯᠠᠯᠲᠠ ᠪᠠᠷ ᠳᠠᠮᠵᠢᠭᠤᠯᠤᠨ ᠬᠤᠶᠠᠷ ᠤᠯᠤᠰ ᠤᠨ ᠤᠯᠠᠮᠵᠢᠯᠠᠯᠲᠤ ᠨᠦᠭᠦᠷᠯᠠᠯ ᠢᠶᠠᠨ ᠪᠠᠲᠤᠳᠬᠠᠵᠤ᠂ ᠤᠯᠤᠰ ᠳᠦᠷᠤ ᠶᠢᠨ ᠢᠲᠠᠭᠡᠯᠴᠡᠭᠡ ᠪᠠ ᠨᠠᠮᠠᠭᠲᠠᠭᠦᠯᠵᠤ᠂ ᠪᠠᠶᠢᠯᠳᠤᠬᠤ ᠪᠣᠳᠣᠯᠭ᠎ᠠ ᠶᠢᠨ ᠬᠠᠮᠲᠤ ᠶᠢᠨ ᠲᠠᠨᠢᠯᠲᠠ ᠪᠠ ᠨᠢᠭᠲᠠᠷᠠᠭᠤᠯᠤᠨ᠂ ᠡᠯ᠎ᠡ ᠬᠦᠢᠷᠢᠶᠠᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠ ᠬᠦᠢᠠᠵᠠᠭᠡᠶᠢᠷᠠᠭᠦᠯᠣᠠ᠂ ᠲᠠᠣᠭᠠ ᠭᠠᠯ ᠪᠠᠮᠪᠠᠷ ᠢᠶᠠᠷ ᠤᠷᠤᠭᠰᠢᠯᠠᠬᠤ ᠵᠠᠮ ᠢ ᠬᠡᠷᠠᠬᠯᠠᠵᠤ᠂ ᠳᠤᠮᠳᠠᠳᠤ ᠹᠷᠠᠨᠴᠢ ᠶᠢᠨ ᠬᠠᠷᠢᠴᠠᠭ᠎ᠠ ᠶᠢᠨ ᠨᠡᠩ ᠰᠠᠶᠢᠨ ᠰᠠᠶᠢᠬᠠᠨ ᠢᠷᠠᠭᠡᠲᠣᠢ ᠶᠢ ᠡᠭᠦᠳᠦᠨ ᠪᠦᠲᠣᠭᠡᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠦᠭᠵᠢᠯᠲᠡ ᠳᠤ ᠬᠤᠪᠢ ᠨᠡᠮᠡᠷᠢ ᠦᠵᠡᠬᠦᠯᠦᠨ᠎ᠡ᠃
946.jpg
    ᠰᠢ ᠶᠢᠨ ᠫᠢᠩ ᠲᠡᠷᠢᠭᠦᠯᠡᠭ᠌ᠴᠢ ᠬᠠᠲᠤᠨ ᠫᠧᠩ ᠯᠢ ᠶᠤᠸᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠳᠤᠪᠴᠢᠶᠠᠨ ᠤ ᠪᠠᠶᠢᠩᠭᠤ ᠶᠢᠨ ᠭᠡᠰᠢᠬᠦᠨ᠂ ᠳᠦᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠳᠤᠪᠴᠢᠶᠠᠨ ᠤ ᠭᠡᠰᠢᠬᠦᠨ᠂ ᠭᠠᠳᠠᠭᠠᠳᠤ ᠶᠠᠪᠤᠳᠠᠯ ᠤᠨ  ᠶᠠᠮᠤᠨ ᠤ ᠰᠠᠶᠢᠳ ᠸᠠᠩ ᠢ ᠵᠡᠷᠭᠡ ᠪᠠᠷ᠎ᠠ ᠪᠤᠯᠤᠭᠰᠠᠳ ᠬᠠᠮᠲᠤ ᠪᠠᠷ ᠨᠢᠰᠭᠡᠯ ᠢᠶᠠᠷ ᠬᠦᠷᠴᠡᠢ᠃    ᠹᠷᠠᠨᠼᠢ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠦ ᠱᠠ ᠶᠧ ᠪᠠᠰᠠ ᠨᠢᠰᠬᠡᠯ ᠤᠨ ᠪᠠᠭᠤᠳᠠᠯ ᠳᠤ ᠤᠭᠲᠤᠪᠠ᠃    ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯ ᠳᠤ ᠬᠦᠷᠬᠦ ᠵᠠᠮ ᠳᠠᠭᠠᠨ᠂ ᠳᠤᠮᠳᠠᠳᠤ ᠶᠢᠨ ᠬᠠᠷᠢᠶᠠᠲᠤ ᠪᠠ ᠳᠤᠮᠳᠠᠳᠤ ᠤᠯᠤᠰ ᠤᠨ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠵᠠᠮ ᠤᠨ ᠬᠤᠶᠠᠷ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ︽ᠳᠤᠮᠳᠠᠳᠤ ᠹᠷᠠᠨᠼᠢ ᠶᠢᠨ ᠨᠥᠬᠦᠷᠯᠡᠯ ᠮᠠᠨᠳᠤᠲᠤᠭᠠᠢ︕ ᠲᠡᠷᠢᠭᠦᠯᠡᠭᠴᠢ ᠰᠢ ᠶᠢᠨ ᠫᠢᠩ ᠤᠨ ᠹᠷᠠᠨᠼᠢ ᠳᠤ ᠠᠶᠢᠯᠴᠢᠯᠠᠵᠤ ᠲᠡᠭᠦᠰ ᠠᠮᠵᠢᠯᠲᠠ ᠣᠯᠬᠤ ᠶᠢ ᠵᠥᠩᠨᠡᠶ᠎ᠡ︕ ᠤᠯᠠᠭᠠᠨ ᠥᠩᠭᠡ ᠶᠢᠨ ᠬᠥᠨᠳᠡᠯᠡᠨ ᠪᠢᠴᠢᠭᠡᠰᠦ ᠪᠠᠷ ᠳᠤᠮᠳᠠᠳᠤ ᠹᠷᠠᠨᠼᠢ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠬᠠᠷᠠᠩᠭ᠎ᠠ ᠳᠡᠯᠡᠳᠦᠨ ᠬᠡᠩᠭᠡᠷᠭᠡ ᠳᠡᠯᠡᠳᠴᠦ᠂ ᠯᠣᠣ ᠪᠥᠵᠢᠭᠯᠡᠨ ᠠᠷᠰᠯᠠᠨ ᠪᠥᠵᠢᠭ ᠪᠥᠵᠢᠭᠯᠡᠵᠦ᠂ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠳ ᠢ ᠬᠠᠯᠠᠭᠤᠨ ᠢᠶᠠᠷ ᠤᠭᠲᠤᠪᠠ᠃   
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号