ᠰᠢ ᠶᠢᠨ ᠫᠢᠩ ᠹᠷᠠᠨᠼᠢ ᠶᠢᠨ ᠫᠠᠷᠢᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠴᠦ ᠪᠢᠴᠢᠭ ᠤᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/5/6
    ᠹᠷᠠᠨᠼᠢ ᠶᠢᠨ ᠫᠠᠷᠢᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠪᠢᠴᠢᠭ ᠤᠨ ᠬᠡᠯᠪᠡᠷᠢ ᠶᠢᠨ ᠶᠠᠷᠢᠶ᠎ᠠ         ︵2024 ᠣᠨ ᠤ 5 ᠰᠠᠷ᠎ᠠ ᠶᠢᠨ 5᠎ ᠤ ᠡᠳᠦᠷ ᠫᠠᠷᠢᠰ︶    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ     ᠰᠢ ᠶᠢᠨ ᠫᠢᠩ       ᠶᠡᠷᠦᠩᠬᠡᠶᠢᠯᠡᠭᠴᠢ ᠮᠠᠶᠢᠺᠷᠤᠨ ᠤ ᠤᠷᠢᠯᠭ᠎ᠠ ᠪᠠᠷ᠂ ᠪᠢ ᠹᠷᠠᠨᠽᠢ ᠤᠯᠤᠰ ᠲᠠᠬᠢ ᠭᠤᠷᠪᠠᠳᠤᠭᠠᠷ ᠤᠳᠠᠭᠠᠨ ᠤ ᠲᠥᠷᠥ ᠶᠢᠨ ᠠᠶᠢᠯᠴᠢᠯᠠᠯᠲᠠ ᠪᠠᠨ ᠡᠬᠢᠯᠡᠭᠦᠯᠦᠭᠰᠡᠨ ᠳᠡᠭᠡᠨ ᠲᠤᠩ ᠪᠠᠶᠠᠷᠯᠠᠵᠤ ᠪᠠᠶᠢᠨ᠎ᠠ᠃ 2014 ᠣᠨ᠂ 2019 ᠣᠨ ᠳᠤ᠂ ᠪᠢ ᠬᠤᠶᠠᠷ ᠤᠳᠠᠭ᠎ᠠ ᠬᠠᠪᠤᠷ ᠢᠶᠠᠷ ᠹᠷᠠᠨᠼᠢ ᠳᠤ ᠠᠶᠢᠯᠴᠢᠯᠠᠵᠤ᠂ ᠹᠷᠠᠨᠼᠢ ᠶᠢᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠢ ᠪᠣᠯᠤᠨ 55 ᠵᠢᠯ ᠤᠨ ᠣᠢ ᠶᠢ ᠪᠡᠯᠭᠡᠯᠡᠪᠡ᠃ ᠳᠤᠮᠳᠠᠳᠤ ᠹᠷᠠᠨᠴᠢ ᠬᠤᠶᠠᠷ ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠢ ᠪᠣᠯᠵᠤ ᠪᠠᠶᠢᠭ᠎ᠠ ᠦᠶ᠎ᠡ ᠳᠤ᠂ ᠪᠢ ᠪᠠᠰᠠ ᠨᠢᠭᠡ ᠤᠳᠠᠭᠠᠨ ᠤ ᠰᠠᠶᠢᠬᠠᠨ ᠹᠠᠷᠠᠨᠽᠢ ᠶᠢᠨ ᠭᠠᠵᠠᠷ ᠳᠡᠭᠡᠷ᠎ᠡ ᠳᠠᠬᠢᠨ ᠨᠢᠭᠡ ᠤᠳᠠᠭ᠎ᠠ ᠠᠯᠬᠤᠭᠰᠠᠨ ᠪᠣᠯᠬᠤᠷ ᠮᠠᠰᠢ ᠳᠣᠲᠣᠨᠣ ᠰᠠᠨᠠᠭᠳᠠᠵᠤ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠹᠷᠠᠨᠼᠢ ᠶᠢᠨ ᠵᠠᠰᠠᠭ ᠤᠨ ᠣᠷᠳᠣᠨ ᠪᠣᠯᠤᠨ ᠹᠷᠠᠨᠼᠢ ᠶᠢᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠦᠶ᠎ᠡ᠃    ᠵᠡᠭᠦᠨ ᠪᠠᠷᠠᠭᠤᠨ ᠣᠷᠣᠨ ᠤ ᠪᠣᠯᠪᠠᠰᠤᠨ ᠤ ᠴᠢᠬᠤᠯᠠ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠪᠣᠯᠤᠨ ᠹᠷᠠᠨᠼᠢ ᠤᠷᠲᠤ ᠬᠤᠭᠤᠴᠠᠭᠠᠨ ᠤ ᠲᠤᠷᠰᠢ ᠬᠠᠷᠢᠯᠴᠠᠨ ᠪᠠᠭ᠋ᠠᠷᠬᠠᠵᠤ᠂ ᠬᠠᠷᠢᠯᠴᠠᠨ ᠲᠠᠲᠠᠵᠤ ᠪᠠᠶᠢᠨ᠎ᠠ᠃ ᠹᠷᠠᠨᠼᠢ ᠶᠢᠨ ᠰᠡᠬᠡᠭᠡᠷᠡᠭᠦᠯᠬᠦ ᠪᠣᠳᠣᠯᠭᠠᠴᠢᠳ ᠳᠤᠮᠳᠠᠳᠤ ᠶᠢᠨ ᠰᠣᠶᠣᠯ ᠢ ᠡᠷᠲᠡ ᠠᠴᠠ ᠰᠤᠳᠤᠯᠵᠤ᠂ ᠳᠤᠮᠳᠠᠳᠤ ᠤᠯᠤᠰ ᠤᠨ ᠠᠷᠠᠳ ᠲᠦᠮᠡᠨ᠂ ᠳ᠋ᠢᠳᠧᠷᠣ᠋᠂ ᠢᠦᠢ ᠭᠦᠸᠧ᠂ ᠪᠠᠷᠽᠠᠺ ᠵᠡᠷᠭᠡ ᠹᠷᠠᠨᠼᠢ ᠶᠢᠨ ᠰᠣᠶᠣᠯ ᠳᠤ ᠮᠠᠰᠢ ᠰᠠᠶᠢᠨ ᠲᠠᠨᠢᠯᠲᠠ ᠲᠠᠢ ᠪᠣᠯᠵᠠᠢ᠃ 60 ᠵᠢᠯ ᠤᠨ ᠡᠮᠦᠨ᠎ᠡ ᠳᠤᠮᠳᠠᠳᠤ ᠹᠷᠠᠨᠴᠢ ᠬᠤᠶᠠᠷ ᠤᠯᠤᠰ ᠬᠦᠢᠢᠲᠠᠨ ᠳᠠᠶᠢᠨ ᠤ ᠬᠠᠷᠰᠢ ᠶᠢ ᠰᠢᠪᠲᠤᠯᠵᠤ᠂ ᠡᠯᠴᠢᠨ ᠤ ᠲᠠᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠵᠠᠢ᠃ 60 ᠵᠢᠯ ᠤᠨ ᠲᠤᠷᠰᠢ᠂ ᠳᠤᠮᠳᠠᠳᠤ ᠹᠷᠠᠨᠴᠢ ᠶᠢᠨ ᠬᠠᠷᠢᠴᠠᠭ᠎ᠠ ᠢᠮᠠᠬᠲᠠ ᠳᠤᠮᠳᠠᠳᠤ ᠤᠯᠤᠰ ᠪᠣᠯᠤᠨ ᠣᠢᠷᠣᠨᠠᠲᠠᠭᠢᠠ ᠤ ᠤᠯᠤᠰ ᠣᠳ ᠤᠨ ᠬᠤᠭᠤᠷᠣᠨᠳᠣᠬᠢ ᠬᠠᠷᠢᠴᠠᠭᠠᠨ ᠤ ᠡᠮᠦᠨ᠎ᠡ ᠡᠩᠨᠠᠭᠠ ᠳᠤ ᠶᠠᠪᠤᠵᠤ᠂ ᠳᠡᠯᠡᠬᠡᠢ ᠨᠡᠶᠢᠲᠡ ᠳᠤ ᠠᠳᠠᠯᠢ ᠪᠤᠰᠤ ᠨᠡᠶᠢᠭᠡᠮ ᠤᠨ ᠪᠠᠶᠢᠭᠤᠯᠤᠯᠳᠤ ᠤᠯᠤᠰ ᠣᠳ ᠤᠨ ᠬᠤᠭᠤᠷᠣᠨᠳᠣᠬᠢ ᠨᠠᠶᠢᠷᠠᠮᠳᠠᠯ ᠢᠶᠠᠷ ᠬᠠᠮᠲᠤᠪᠠᠷ ᠣᠷᠣᠰᠢᠭᠰᠠᠨ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠢᠷᠲᠠᠭᠦ ᠬᠡᠪ ᠳᠠᠭᠤᠷᠢᠶᠠᠯ ᠢ ᠪᠣᠢ ᠪᠣᠯᠭᠠᠵᠤ ᠣᠢᠭᠭᠦᠭᠰᠠᠨ ᠪᠠᠶᠢᠨ᠎ᠠ᠃    ᠣᠶᠢᠷ᠎ᠠ ᠶᠢᠨ ᠵᠢᠯ ᠠᠴᠠ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠥᠨᠳᠥᠷ ᠲᠦᠪᠰᠢᠨ ᠢᠶᠠᠷ ᠬᠥᠭᠵᠢᠵᠦ᠂ ᠠᠭᠠᠷ ᠤᠨ ᠠᠶᠠᠯᠠᠯ᠂ ᠰᠠᠨᠰᠠᠷ ᠤᠨ ᠠᠶᠠᠯᠠᠯ᠂ ᠴᠥᠮ᠎ᠡ ᠶᠢᠨ ᠡᠨᠧᠷᠭᠢ᠂ ᠲᠠᠷᠢᠶᠠᠯᠠᠩ ᠤᠨ ᠢᠳᠡᠭᠡᠨ᠂ ᠪᠣᠬᠢᠷᠲᠤᠯ ᠦᠭᠡᠢ ᠵᠡᠷᠭᠡ ᠬᠦᠷᠢᠶᠡᠨ ᠤ ᠬᠠᠮᠲᠤᠷᠠᠯᠴᠠᠭ᠎ᠠ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠣᠯᠪᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠬᠤᠶᠠᠷ ᠤᠯᠤᠰ ᠨᠢᠭᠲᠠ ᠵᠣᠬᠢᠴᠠᠯᠳᠤᠨ ᠬᠠᠮᠵᠢᠯᠴᠠᠪᠠ᠃ ᠳᠤᠮᠳᠠᠳᠤ ᠹᠷᠠᠨᠽᠢ ᠶᠢᠨ ᠰᠣᠶᠣᠯ ᠵᠢᠭᠤᠯᠴᠢᠯᠠᠯ ᠤᠨ ᠣᠨ ᠤ ᠡᠯ᠎ᠡ ᠵᠦᠢᠯ ᠤᠨ ᠠᠵᠢᠯᠯᠠᠭ᠎ᠠ ᠶᠠᠭ ᠪᠦᠬᠦ ᠲᠠᠯ᠎ᠠ ᠪᠠᠷ ᠥᠷᠨᠢᠭᠦᠯᠵᠦ ᠪᠠᠶᠢᠨ᠎ᠠ ᠃ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠬᠥᠭᠵᠢᠯᠲᠡ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠣᠯᠭᠤᠭᠰᠠᠨ ᠢᠶᠠᠷ ᠪᠠᠷᠠᠬᠤ ᠦᠭᠡᠢ ᠪᠠᠰᠠ ᠲᠣᠭᠲᠠᠭᠤᠨ ᠪᠤᠰᠤ ᠳᠡᠯᠡᠬᠡᠢ ᠶᠢᠷᠲᠢᠨᠴᠦ ᠳᠤ ᠲᠣᠭᠲᠠᠪᠤᠷᠢᠲᠤ ᠴᠢᠨᠠᠷ ᠪᠠ ᠢᠳᠡᠪᠬᠢ ᠬᠦᠴᠦᠨ ᠨᠡᠮᠡᠷᠢᠯᠡᠭᠰᠡᠨ ᠪᠠᠶᠢᠨ᠎ᠠ᠃    ᠠᠶᠢᠯᠴᠢᠯᠠᠯᠲᠠ ᠶᠢᠨ ᠬᠤᠭᠤᠴᠠᠭᠠᠨ ᠳᠤ ᠪᠢ ᠶᠡᠷᠦᠩᠬᠡᠶᠢᠯᠡᠭᠴᠢ ᠮᠠᠶᠢᠺᠷᠤᠨ ᠲᠠᠢ ᠰᠢᠨ᠎ᠡ ᠪᠠᠶᠢᠳᠠᠯ ᠳᠣᠣᠷᠠᠬᠢ ᠳᠤᠮᠳᠠᠳᠤ ᠹᠷᠠᠨᠼᠢ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠬᠥᠭᠵᠢᠯᠲᠡ ᠵᠢᠴᠢ ᠣᠳᠣᠬᠠᠨ ᠤ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠡᠨᠡ ᠤᠳᠠᠭᠠᠨ ᠤ ᠠᠶᠢᠯᠴᠢᠯᠠᠯᠲᠠ ᠪᠠᠷ ᠳᠠᠮᠵᠢᠭᠤᠯᠤᠨ ᠬᠤᠶᠠᠷ ᠤᠯᠤᠰ ᠤᠨ ᠤᠯᠠᠮᠵᠢᠯᠠᠯᠲᠤ ᠨᠦᠭᠦᠷᠯᠠᠯ ᠢᠶᠠᠨ ᠪᠠᠲᠤᠳᠬᠠᠵᠤ᠂ ᠤᠯᠤᠰ ᠳᠦᠷᠤ ᠶᠢᠨ ᠢᠲᠠᠭᠡᠯᠴᠡᠭᠡ ᠪᠠ ᠨᠠᠮᠠᠭᠲᠠᠭᠦᠯᠵᠤ᠂ ᠪᠠᠶᠢᠯᠳᠤᠬᠤ ᠪᠣᠳᠣᠯᠭ᠎ᠠ ᠶᠢᠨ ᠬᠠᠮᠲᠤ ᠶᠢᠨ ᠲᠠᠨᠢᠯᠲᠠ ᠪᠠ ᠨᠢᠭᠲᠠᠷᠠᠭᠤᠯᠤᠨ᠂ ᠡᠯ᠎ᠡ ᠬᠦᠢᠷᠢᠶᠠᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠ ᠬᠦᠢᠠᠵᠠᠭᠡᠶᠢᠷᠠᠭᠦᠯᠣᠠ᠂ ᠲᠠᠣᠭᠠ ᠭᠠᠯ ᠪᠠᠮᠪᠠᠷ ᠢᠶᠠᠷ ᠤᠷᠤᠭᠰᠢᠯᠠᠬᠤ ᠵᠠᠮ ᠢ ᠬᠡᠷᠠᠬᠯᠠᠵᠤ᠂ ᠳᠤᠮᠳᠠᠳᠤ ᠹᠷᠠᠨᠴᠢ ᠶᠢᠨ ᠬᠠᠷᠢᠴᠠᠭ᠎ᠠ ᠶᠢᠨ ᠨᠡᠩ ᠰᠠᠶᠢᠨ ᠰᠠᠶᠢᠬᠠᠨ ᠢᠷᠠᠭᠡᠲᠣᠢ ᠶᠢ ᠡᠭᠦᠳᠦᠨ ᠪᠦᠲᠣᠭᠡᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠦᠭᠵᠢᠯᠲᠡ ᠳᠤ ᠰᠢᠨ᠎ᠡ ᠬᠤᠪᠢ ᠨᠡᠮᠡᠷᠢ ᠦᠵᠡᠬᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号