ᠰᠢ ᠶᠢᠨ ᠫᠢᠩ ᠹᠷᠠᠨᠼᠢ ᠶᠢᠨ ᠵᠠᠭᠤᠴᠢᠯᠠᠭᠤᠷ ᠲᠤ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ
ᠨᠡᠶᠢᠲᠡᠯᠡᠭᠰᠡᠨ ᠴᠠᠭ᠄
2024/5/6
   5 ᠰᠠᠷ᠎ᠠ ᠶᠢᠨ 5᠎ ᠤ ᠡᠳᠦᠷ᠂ ᠫᠠᠷᠢᠰ ᠲᠤ ᠬᠦᠷᠴᠦ ᠹᠷᠠᠨᠼᠢ ᠳᠤ ᠲᠥᠷᠥ ᠶᠢᠨ ᠠᠶᠢᠯᠴᠢᠯᠠᠯᠲᠠ ᠬᠢᠬᠦ ᠲᠠᠰᠢᠷᠠᠮ ᠢᠶᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠹᠷᠠᠨᠼᠢ ᠶᠢᠨ ︽ᠹᠢᠭᠠᠷᠦ ᠰᠣᠨᠢᠨ︾᠎ ᠳᠤ ︽ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠬᠰᠠᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠥ ᠳᠡᠯᠡᠬᠡᠶ ᠶᠢᠨ ᠡᠩᠬᠡ ᠲᠠᠶᠢᠪᠤᠩ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠲᠠᠢ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠬᠦ ᠠᠭᠤᠯᠭ᠎ᠠ ᠨᠢ ᠳᠣᠣᠷᠠᠬᠢ ᠮᠡᠲᠦ᠄   ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠳᠡᠯᠡᠬᠡᠶ ᠶᠢᠨ ᠡᠩᠬᠡ ᠲᠠᠶᠢᠪᠤᠩ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩᠶᠡᠷᠦᠩᠬᠡᠶᠢᠯᠡᠭᠴᠢ ᠮᠠᠶᠢᠺᠷᠤᠨ ᠤ ᠤᠷᠢᠯᠭ᠎ᠠ ᠪᠠᠷ᠂ ᠪᠢ ᠹᠷᠠᠨᠼᠢ ᠳᠤ ᠭᠤᠷᠪᠠᠳᠠᠬᠢ ᠤᠳᠠᠭ᠎ᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ᠳᠤᠮᠳᠠᠳᠤ ᠤᠯᠤᠰ ᠤᠨ ᠠᠷᠠᠳ ᠲᠦᠮᠡᠨ ᠤ ᠰᠡᠳᠭᠢᠯ ᠳᠤ᠂ ᠹᠷᠠᠨᠼᠢ ᠥᠪᠡᠷᠮᠢᠴᠡ ᠲᠠᠲᠠᠬᠤ ᠬᠦᠴᠦᠨ ᠲᠠᠢ ᠶᠤᠮ᠃ ᠡᠨᠡ ᠬᠦ ᠨᠤᠲᠤᠭ ᠳᠡᠪᠢᠰᠭᠡᠷ ᠳᠡᠭᠡᠷ᠎ᠡ ᠳᠡᠯᠡᠬᠡᠢ ᠳ᠋ᠠᠬᠢᠨ ᠳᠤ ᠨᠥᠯᠥᠭᠡ ᠲᠠᠢ ᠮᠠᠰᠢ ᠤᠯᠠᠨ ᠭᠦᠨ ᠤᠬᠠᠭᠠᠨᠲᠠᠨ᠂ ᠤᠳᠭ᠎ᠠ ᠵᠣᠬᠢᠶᠠᠯᠴᠢ᠂ ᠤᠷᠠᠯᠢᠭᠴᠢᠳ ᠮᠡᠨᠳᠦᠯᠡᠵᠦ᠂ ᠪᠦᠬᠦ ᠬᠥᠮᠦᠨ ᠲᠥᠷᠥᠯᠬᠢᠲᠡᠨ ᠳᠤ ᠦᠵᠡᠯ ᠰᠠᠨᠠᠭᠠᠨ ᠤ ᠰᠡᠩᠬᠡᠷᠡᠭᠦᠯᠦᠯ ᠪᠤᠯᠤᠭᠰᠠᠨ ᠶᠤᠮ᠃ 150 ᠭᠠᠷᠤᠶ ᠵᠢᠯ ᠤᠨ ᠡᠮᠦᠨ᠎ᠡ᠂ ᠹᠷᠠᠨᠼᠢ ᠶᠢᠨ ᠬᠥᠮᠦᠰ ᠳᠤᠮᠳᠠᠳᠤ ᠤᠯᠤᠰ ᠤᠨ ᠹᠦᠵᠢᠶᠠᠨ ᠤ ᠣᠩᠭᠤᠴᠠᠨ ᠤ ᠶᠠᠪᠤᠳᠠᠯ ᠪᠠ ᠹᠦᠵᠢᠶᠠᠨ ᠤ ᠣᠩᠭᠤᠴᠠᠨ ᠤ ᠶᠠᠪᠤᠳᠠᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠹᠷᠠᠨᠼᠢ ᠬᠠᠮᠤᠭ ᠡᠷᠲᠡ ᠳᠤᠮᠳᠠᠳᠤ ᠤᠯᠤᠰ ᠤᠨ ᠠᠯᠪᠠᠨ ᠠᠴᠠ ᠲᠣᠮᠢᠯᠠᠵᠥ ᠹᠷᠠᠨᠼᠢ ᠳᠤ ᠰᠤᠷᠤᠯᠴᠠᠬᠤ ᠰᠣᠷᠣᠭᠴᠢ ᠶᠢ ᠭᠥᠯᠢᠶᠡᠨ ᠠᠪᠴᠠᠶ︔ ᠵᠠᠭᠤᠨ ᠵᠢᠯ ᠤᠨ ᠡᠮᠦᠨ᠎ᠡ ᠳᠤᠮᠳᠠᠳᠤ ᠤᠯᠤᠰ ᠤᠨ ᠵᠠᠯᠠᠭᠤᠴᠤᠳ ᠹᠷᠠᠨᠼᠢ ᠳᠤ ᠣᠴᠢᠵᠤ ᠨᠤᠮ ᠪᠢᠴᠢᠭ ᠡᠬᠦᠷᠴᠤ ᠡᠷᠳᠡᠮ ᠮᠡᠳᠡᠯᠭᠡ ᠰᠤᠷᠴᠤ᠂ ᠳᠡᠳᠡᠬᠡᠷ ᠤᠨ ᠳᠣᠲᠣᠷᠠᠬᠢ ᠵᠠᠷᠢᠮ ᠵᠤᠷᠢᠬᠳᠠᠨ ᠵᠠᠯᠠᠭᠤᠴᠤᠳ ᠬᠤᠵᠢᠮ ᠨᠢ ᠰᠢᠨ᠎ᠡ ᠳᠤᠮᠳᠠᠳᠤ ᠤᠯᠤᠰ ᠤᠨ ᠪᠠᠶᠢᠭᠤᠯᠤᠭᠳᠠᠬᠤ ᠪᠠ ᠬᠥᠭᠵᠢᠬᠦ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠶᠤᠮ᠃ ᠹᠷᠠᠨᠼᠢ ᠥᠷᠥᠨᠡᠳᠠᠬᠢᠨ ᠤ ᠲᠤᠮᠤ ᠤᠯᠤᠰ ᠤᠨ ᠳᠣᠲᠣᠷ᠎ᠠ ᠬᠠᠮᠤᠭ ᠤᠨ ᠲᠦᠷᠦᠭᠦᠨ ᠳᠤ ᠰᠢᠨ᠎ᠡ ᠳᠤᠮᠳᠠᠳᠤ ᠤᠯᠤᠰ ᠲᠠᠢ ᠵᠢᠩᠬᠢᠨᠢ ᠪᠠᠷ ᠬᠠᠷᠢᠯᠴᠠᠭ᠎ᠠ ᠪᠠᠶᠢᠭᠤᠯᠪᠠ᠃   2024 ᠣᠨ ᠪᠣᠯ ᠣᠨᠴᠠᠭᠠᠶ ᠠᠴᠢ ᠬᠤᠯᠪᠣᠭᠳᠠᠯ ᠲᠠᠢ ᠵᠠᠩᠭᠢᠯᠠᠭ᠎ᠠ ᠶᠢᠨ ᠴᠡᠭ ᠪᠣᠯᠤᠨ᠎ᠠ᠃ ᠪᠢ ᠡᠨᠡ ᠦᠶ᠎ᠡ ᠳᠤ ᠹᠷᠠᠨᠼᠢ ᠳᠤ ᠢᠷᠡᠵᠦ᠂ ᠳᠤᠮᠳᠠᠳᠤ ᠤᠯᠤᠰ ᠠᠴᠠ ᠢᠷᠡᠭᠰᠡᠨ ᠭᠤᠷᠪᠠᠨ ᠮᠡᠳᠡᠭᠡ ᠵᠠᠩᠭᠢ ᠶᠢ ᠠᠪᠴᠢᠷᠠᠪᠠ᠃   — ᠳᠤᠮᠳᠠᠳᠤ ᠤᠯᠤᠰ ᠳᠤᠷᠠᠲᠠᠶ᠎ᠠ ᠹᠷᠠᠨᠼᠢ ᠯᠤᠭ᠎ᠠ ᠬᠠᠷᠢᠯᠴᠠᠭ᠎ᠠ ᠪᠠᠶᠢᠭᠤᠯᠤᠬᠰᠠᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠥ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠦᠷᠬᠦᠯᠵᠢᠯᠡᠬᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠶᠢ ᠠᠬᠢᠭᠤᠯᠤᠨ᠎ᠠ᠃   ᠡᠨᠡ ᠵᠢᠯ ᠪᠣᠯ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠤᠨ᠎ᠠ᠃ 60 ᠵᠢᠯ ᠤᠨ ᠡᠮᠦᠨ᠎ᠡ᠂ ᠳ᠋ᠤᠭᠤᠯ ᠵᠠᠩᠵᠤᠨ ᠴᠠᠭ ᠦᠶ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠷᠠᠴᠠ ᠠᠴᠠ ᠡᠭᠦᠰᠴᠦ᠂ ᠰᠢᠨ᠎ᠡ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠬᠤ ᠪᠠᠷ ᠲᠣᠭᠲᠠᠪᠠ᠃ ᠬᠦᠢᠲᠡᠨ ᠳᠠᠶᠢᠨ ᠰᠢᠷᠦᠭᠦᠨ ᠶᠠᠪᠤᠭᠳᠠᠵᠤ ᠪᠠᠶᠢᠭᠰᠠᠨ ᠪᠠᠶᠢᠳᠠᠯ ᠳᠣᠣᠷ᠎ᠠ᠂ ᠡᠨᠡ ᠬᠦ ᠪᠡᠶ᠎ᠡ ᠪᠠᠨ ᠳᠠᠭᠠᠭᠠᠵᠤ ᠡᠵᠡᠨ ᠮᠡᠳᠡᠬᠦ ᠲᠣᠭᠲᠠᠭᠠᠯ ᠢ ᠭᠠᠷᠭᠠᠭᠰᠠᠨ ᠨᠢ ᠲᠦᠢᠯ ᠤᠨ ᠬᠢᠯᠪᠠᠷ ᠪᠤᠰᠤ ᠶᠤᠮ᠂ ᠮᠥᠨ ᠴᠦ ᠵᠥᠪ ᠪᠥᠭᠡᠳ ᠬᠤᠯᠠ ᠶᠢᠨ ᠬᠠᠷᠠᠴᠠ ᠲᠠᠢ ᠭᠡᠳᠡᠭ ᠢ ᠪᠣᠳᠠᠲᠤ ᠬᠡᠷᠡᠭ ᠭᠡᠷᠡᠴᠢᠯᠡᠭᠰᠡᠨ ᠪᠠᠶᠢᠨ᠎ᠠ᠃ ᠳᠤᠮᠳᠠᠳᠤ ᠹᠷᠠᠨᠼᠢ ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ ᠨᠢ ᠳᠣᠷᠣᠨᠠᠳᠠᠬᠢᠨ ᠥᠷᠥᠨᠡᠳᠠᠬᠢᠨ ᠤ ᠨᠡᠪᠲᠡᠷᠡᠯᠴᠡᠬᠦ ᠬᠥᠭᠦᠷᠭᠡ ᠶᠢ ᠲᠠᠯᠪᠢᠭᠰᠠᠨ ᠪᠥᠭᠡᠳ ᠤᠯᠠᠨ ᠤᠯᠤᠰ ᠤᠨ ᠬᠠᠷᠢᠯᠴᠠᠭ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢᠨ ᠴᠢᠭᠯᠡᠯ ᠲᠡᠶᠢᠰᠢ ᠬᠤᠪᠢᠷᠠᠬᠤ ᠶᠢ ᠠᠬᠢᠭᠤᠯᠪᠠ᠃   60 ᠵᠢᠯ ᠤᠨ ᠲᠤᠷᠰᠢ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠢᠮᠠᠭᠲᠠ ᠴᠠᠭ ᠦᠶ᠎ᠡ ᠶᠢ ᠲᠠᠭᠠᠨ ᠬᠦᠭᠵᠢᠬᠰᠡᠬᠡᠷ ᠢᠷᠡᠪᠡ᠃ ᠳᠤᠮᠳᠠᠳᠤ ᠤᠯᠤᠰ ᠤᠨ ᠥᠷᠥᠨᠡᠳᠠᠬᠢᠨ ᠯᠤᠭ᠎ᠠ ᠶᠢᠨ ᠤᠯᠤᠰ ᠤᠳ ᠤᠨ ᠬᠠᠷᠢᠯᠴᠠᠭᠠᠨ ᠳᠤ᠂ ᠬᠤᠶᠠᠷ ᠤᠯᠤᠰ ᠤᠷᠢᠳ ᠢᠶᠠᠷ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ᠂ ᠲᠣᠭᠲᠠᠴᠠ ᠶᠢᠨ ᠴᠢᠨᠠᠷᠲᠠᠢ ᠪᠠᠶᠢᠯᠳᠤᠬᠤ ᠪᠤᠳᠤᠯᠭ᠎ᠠ ᠶᠢᠨ ᠶᠠᠷᠢᠯᠴᠠᠭ᠎ᠠ ᠶᠢ ᠡᠬᠢᠯᠡᠭᠦᠯᠪᠡ︔ ᠠᠭᠠᠷ ᠤᠨ ᠠᠶᠠᠯᠠᠯ᠂ ᠴᠥᠮ᠎ᠡ ᠶᠢᠨ ᠡᠨᠧᠷᠭᠢ᠂ ᠭᠤᠷᠪᠠᠳᠠᠬᠢ ᠡᠲᠡᠭᠡᠳ ᠤᠨ ᠵᠠᠬ᠎ᠠ ᠳᠡᠯᠭᠡᠭᠦᠷ ᠵᠡᠷᠭᠡ ᠶᠢᠨ ᠬᠠᠮᠲᠤᠷᠠᠯᠴᠠᠭ᠎ᠠ ᠶᠢ ᠤᠷᠢᠳ ᠢᠶᠠᠷ ᠥᠷᠨᠢᠭᠦᠯᠪᠡ︔ ᠤᠷᠢᠳ ᠢᠶᠠᠷ ᠰᠣᠶᠣᠯ ᠤᠨ ᠲᠥᠪ ᠢ ᠬᠠᠷᠢᠯᠴᠠᠨ ᠪᠠᠶᠢᠭᠤᠯᠵᠤ᠂ ᠰᠣᠶᠣᠯ ᠤᠨ ᠣᠨ ᠤ ᠠᠵᠢᠯᠯᠠᠭ᠎ᠠ ᠶᠢ ᠬᠠᠷᠢᠯᠴᠠᠨ ᠡᠷᠬᠢᠯᠡᠵᠦ᠂ ᠪᠦᠬᠦ ᠪᠥᠮᠪᠥᠷᠴᠡᠭ ᠤᠨ ᠪᠣᠯᠪᠠᠰᠤᠨ ᠤ ᠬᠠᠷᠢᠯᠴᠠᠨ ᠲᠣᠯᠢᠯᠠᠯ ᠳᠤ ᠬᠥᠲᠥᠯᠥᠨ ᠳᠠᠭᠠᠭᠤᠯᠬᠤ ᠦᠢᠯᠡᠳᠦᠯ ᠦᠵᠡᠬᠦᠯᠪᠡ᠃ ᠬᠤᠶᠠᠷ ᠤᠯᠤᠰ ᠬᠠᠮᠲᠤᠷᠠᠯᠴᠠᠵᠤ ᠪᠠᠶᠢᠭᠠᠳ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ᠫᠠᠷᠢᠰ ᠤᠨ ᠬᠡᠯᠡᠯᠴᠡᠭᠡᠷ︾᠂ ︽ᠺᠦᠨᠮᠢᠩ — ᠮᠤᠨᠲᠷᠤᠶᠠᠯ ᠤᠨ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠪᠣᠷᠣ ᠲᠥᠯᠥᠪ︾᠎ ᠢ ᠠᠬᠢᠭᠤᠯᠵᠤ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠲᠤᠬᠠᠢ ᠵᠥᠪᠯᠡᠬᠦ ᠵᠦᠢᠯ ᠢ ᠬᠦᠴᠦᠲᠡᠢ ᠠᠬᠢᠭᠤᠯᠪᠠ᠃   ᠲᠡᠦᠬᠡ ᠪᠣᠯ ᠬᠠᠮᠤᠭ ᠤᠨ ᠰᠠᠶᠢᠨ ᠪᠠᠭᠰᠢ ᠮᠥᠨ᠃ ᠣᠳᠣᠬᠠᠨ ᠤ ᠳᠡᠯᠡᠬᠡᠶ ᠵᠢᠷᠲᠢᠨᠴᠦ ᠲᠦᠢᠯ ᠤᠨ ᠠᠮᠤᠷ ᠲᠦᠪᠰᠢᠨ ᠪᠤᠰᠤ ᠪᠠᠶᠢᠵᠤ᠂ ᠳᠠᠬᠢᠨᠲᠠ ᠳᠠᠪᠬᠤᠷ ᠳᠠᠪᠬᠤᠷ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠹᠷᠠᠨᠼᠢ ᠶᠢᠨ ᠬᠢᠨ ᠲᠠᠢ ᠬᠠᠮᠲᠤ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠹᠷᠠᠨᠼᠢ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃   — ᠳᠤᠮᠳᠠᠳᠤ ᠤᠯᠤᠰ ᠥᠨᠳᠥᠷ ᠲᠦᠪᠰᠢᠨ ᠪᠦᠬᠦᠢ ᠨᠡᠬᠡᠬᠡᠯᠳᠡ ᠪᠠᠨ ᠥᠷᠭᠡᠳᠭᠡᠵᠦ᠂ ᠹᠷᠠᠨᠼᠢ ᠶᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃   ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠃ 75 ᠵᠢᠯ ᠤᠨ ᠲᠤᠷᠰᠢ᠂ ᠪᠦᠬᠦ ᠳᠤᠮᠳᠠᠳᠤ ᠤᠯᠤᠰ ᠤᠨ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠵᠦ᠂ ᠳᠤᠮᠳᠠᠳᠤ ᠤᠯᠤᠰ ᠶᠠᠳᠠᠭᠤ ᠬᠤᠭᠤᠰᠣᠨ ᠪᠠᠶᠢᠭᠰᠠᠨ ᠠᠴᠠ ᠪᠠᠨ ᠬᠥᠭᠵᠢᠭᠡᠳ ᠳᠡᠯᠡᠬᠡᠢ ᠶᠢᠨ ᠬᠤᠶᠠᠳᠤᠭᠠᠷ ᠶᠡᠭᠡ ᠠᠵᠤ ᠠᠬᠤᠢ ᠶᠢᠨ ᠴᠣᠭᠴᠠ ᠪᠤᠯᠵᠤ᠂ ᠬᠥᠳᠡᠭᠡ ᠲᠣᠰᠬᠤᠨ ᠤ ᠬᠡᠳᠦᠨ ᠳ᠋ᠦᠩᠰᠢᠭᠤᠷ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠭᠠᠶᠢᠬᠠᠮᠰᠢᠭ ᠢ ᠡᠭᠦᠳᠴᠡᠢ᠃ 2023 ᠣᠨ ᠳᠤ ᠳᠤᠮᠳᠠᠳᠤ ᠤᠯᠤᠰ ᠤᠨ ᠠᠵᠤ ᠠᠬᠤᠢ 5.2%᠎ ᠢᠶᠠᠷ ᠨᠡᠮᠡᠭᠳᠡᠵᠦ᠂ 2024 ᠣᠨ ᠤ ᠬᠠᠷᠠᠯᠲᠠ ᠪᠣᠯ 5% ᠣᠷᠴᠢᠮ ᠪᠣᠯᠬᠤ ᠪᠥᠭᠡᠳ ᠬᠥᠭᠵᠢᠯᠲᠡ ᠶᠢᠨ ᠶᠠᠰᠤ ᠴᠢᠨᠠᠷ ᠨᠡᠩ ᠥᠨᠳᠥᠷ ᠪᠣᠯᠤᠨ᠎ᠠ ᠃ ᠳᠤᠮᠳᠠᠳᠤ ᠤᠯᠤᠰ ᠦᠷᠭᠦᠯᠵᠢᠯᠡᠨ ᠪᠦᠬᠦ ᠪᠥᠮᠪᠥᠷᠴᠡᠭ ᠤᠨ ᠨᠡᠮᠡᠭᠳᠡᠯ ᠳᠤ ᠬᠥᠳᠡᠯᠭᠡᠬᠦ ᠬᠦᠴᠦᠨ ᠬᠠᠩᠭᠠᠵᠤ᠂ ᠳᠡᠯᠡᠬᠡᠢ ᠶᠢᠨ ᠡᠯ᠎ᠡ ᠤᠯᠤᠰ ᠲᠤ ᠠᠵᠠ ᠲᠣᠬᠢᠶᠠᠯ ᠠᠪᠴᠢᠷᠠᠨ᠎ᠠ᠃   ᠳᠤᠮᠳᠠᠳᠤ ᠤᠯᠤᠰ ᠤᠨ ᠬᠥᠭᠵᠢᠯᠲᠡ ᠶᠢᠨ ᠨᠢᠭᠡᠨ ᠴᠢᠬᠤᠯᠠ ᠲᠤᠷᠰᠢᠯᠭ᠎ᠠ ᠪᠣᠯ ᠳᠠᠷᠤᠶ ᠭᠠᠳᠠᠭᠠᠳᠤ ᠨᠡᠭᠡᠭᠡᠯᠲᠡ ᠬᠢᠬᠦ ᠶᠢ ᠥᠴᠦᠬᠡᠨ ᠴᠦ ᠭᠤᠶᠢᠪᠢᠰᠢ ᠦᠭᠡᠢ ᠪᠠᠷᠢᠮᠲᠠᠯᠠᠬᠰᠠᠨ ᠶᠠᠪᠤᠳᠠᠯ ᠪᠣᠯᠤᠨ᠎ᠠ᠃ ᠪᠢᠳᠡ ᠨᠡᠩ ᠤᠯᠠᠨ ᠴᠢᠨᠠᠷ ᠰᠠᠶᠢᠲᠠᠢ ᠹᠷᠠᠨᠼᠢ ᠶᠢᠨ ᠲᠠᠷᠢᠶᠠᠯᠠᠩ ᠤᠨ ᠪᠦᠲᠦᠭᠡᠭᠳᠡᠬᠦᠨ᠂ ᠵᠠᠰᠠᠯ ᠴᠢᠮᠡᠭ ᠤᠨ ᠡᠳ᠋ ᠤᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ᠂ ᠳᠤᠮᠳᠠᠳᠤ ᠤᠯᠤᠰ ᠤᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢ ᠪᠠᠶᠠᠷᠯᠡᠨ ᠤᠬᠳᠤᠨ᠎ᠠ᠃ ᠪᠢᠳᠡ ᠹᠷᠠᠨᠼᠢ ᠶᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠣᠴᠢᠵᠤ ᠪᠡᠯᠡ ᠣᠷᠣᠭᠤᠯᠤᠨ ᠦᠢᠯᠡᠰ ᠪᠤᠰᠬᠠᠬᠤ ᠶᠢ ᠪᠠᠶᠠᠷᠯᠠᠨ ᠤᠭᠲᠤᠵᠤ᠂ ᠦᠢᠯᠡᠳᠬᠦ ᠦᠢᠯᠡᠰ ᠤᠨ ᠣᠷᠣᠬᠤ ᠵᠥᠪᠰᠢᠶᠡᠷᠡᠯ ᠢ ᠪᠦᠬᠦ ᠲᠠᠯ᠎ᠠ ᠪᠠᠷ ᠴᠢᠯᠥᠭᠡᠲᠡᠢ ᠪᠣᠯᠭᠠᠵᠤ᠂ ᠴᠠᠬᠢᠯᠭᠠᠨ ᠬᠤᠯᠪᠣᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠣᠷᠣᠬᠤ ᠵᠥᠪᠰᠢᠶᠡᠷᠡᠯ ᠢ ᠴᠢᠯᠥᠭᠡᠲᠡᠢ ᠪᠣᠯᠭᠠᠬᠤ ᠶᠢ ᠲᠦᠷᠭᠡᠳᠭᠡᠨ᠎ᠡ᠃ ᠪᠢᠳᠡ ᠪᠠᠰᠠ ᠹᠷᠠᠨᠼᠢ ᠵᠡᠷᠭᠡ ᠣᠯᠠᠨ ᠤᠯᠤᠰ ᠤᠨ ᠡᠩ ᠤᠨ ᠠᠷᠠᠳ ᠢᠷᠭᠡᠳ ᠲᠤ 15 ᠡᠳᠦᠷ ᠤᠨ ᠦᠯᠤ ᠸᠢᠰᠠᠯᠠᠬᠤ ᠲᠥᠷᠥ ᠶᠢᠨ ᠪᠣᠳᠣᠯᠭ᠎ᠠ ᠥᠭᠴᠦ᠂ ᠭᠠᠳᠠᠭᠠᠳᠤ ᠶᠢᠨ ᠬᠠᠷᠢᠶ᠎ᠠ ᠲᠠᠢ ᠬᠥᠮᠦᠰ ᠤᠨ ᠳᠤᠮᠳᠠᠳᠤ ᠤᠯᠤᠰ ᠲᠤ ᠵᠢᠭᠤᠯᠴᠢᠯᠠᠬᠤ᠂ ᠲᠤᠭᠠᠴᠠᠭ᠎ᠠ ᠬᠢᠬᠦ ᠳᠤ ᠲᠥᠬᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠪᠠ᠃   ᠳᠤᠮᠳᠠᠳᠤ ᠤᠯᠤᠰ ᠤᠨ ᠭᠠᠳᠠᠭᠠᠳᠤ ᠨᠡᠭᠡᠭᠡᠯᠳᠠ ᠬᠢᠬᠦ ᠳᠤ ᠪᠠᠰᠠ ᠠᠵᠤ ᠠᠬᠤᠶᠢᠯᠠᠯ ᠤᠨ ᠭᠠᠳᠠᠭᠰᠢ ᠭᠠᠷᠴᠤ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠬᠤ ᠶᠠᠪᠤᠳᠠᠯ ᠪᠠᠭᠲᠠᠨ᠎ᠠ᠃ ᠣᠳᠣᠬᠠᠨ ᠳᠤ᠂ ᠹᠷᠠᠨᠼᠢ ᠶᠠᠭ ᠪᠣᠬᠢᠷᠲᠤᠯ ᠦᠭᠡᠢ ᠰᠢᠨ᠎ᠡ ᠶᠢ ᠡᠭᠦᠳᠬᠦ ᠳᠤ ᠰᠠᠭᠤᠷᠢᠯᠠᠬᠰᠡᠨ ︽ᠲᠠᠬᠢᠨ ᠠᠵᠤ ᠦᠢᠯᠡᠳᠪᠦᠷᠢᠵᠢᠬᠦ︾᠎ ᠶᠢ ᠠᠬᠢᠭᠤᠯᠵᠤ ᠪᠤᠢ᠂ ᠳᠤᠮᠳᠠᠳᠤ ᠤᠯᠤᠰ ᠴᠤ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠬᠥᠭᠵᠢᠭᠦᠯᠵᠦ ᠪᠤᠢ᠂ ᠬᠤᠶᠠᠷ ᠲᠠᠯ᠎ᠠ ᠪᠠᠷ ᠢᠶᠠᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠬᠠᠮᠲᠤ ᠪᠠᠷ ᠠᠬᠢᠭᠤᠯᠵᠤ ᠪᠣᠯᠤᠨ᠎ᠠ᠃ ᠳᠤᠮᠳᠠᠳᠤ ᠤᠯᠤᠰ ᠤᠨ ᠵᠠᠷᠢᠮ ᠠᠵᠤ ᠠᠬᠤᠶᠢᠯᠠᠯ ᠨᠢᠭᠡᠨᠲᠡ ᠹᠷᠠᠨᠼᠢ ᠳᠤ ᠳ᠋ᠢᠶᠠᠨ ᡂᠢ ᠶᠢᠨ ᠦᠢᠯᠡᠳᠪᠦᠷᠢ ᠪᠠᠶᠢᠭᠤᠯᠪᠠ᠃ ᠳᠤᠮᠳᠠᠳᠤ ᠤᠯᠤᠰ ᠤᠨ ᠵᠠᠰᠠᠭ ᠤᠨ ᠣᠷᠳᠣᠨ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠹᠷᠠᠨᠼᠢ ᠳᠤ ᠪᠡᠯᠡ ᠣᠷᠣᠭᠤᠯᠬᠤ ᠶᠢ ᠳᠡᠮᠵᠢᠬᠦ ᠪᠥᠭᠡᠳ ᠹᠷᠠᠨᠼᠢ ᠶᠢᠨ ᠬᠢᠨ ᠲᠡᠳᠡᠨ ᠳᠤ ᠡᠷᠬᠡ ᠲᠡᠭᠰᠢ ᠲᠥᠪ ᠭᠤᠣᠯᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃   — ᠳᠤᠮᠳᠠᠳᠤ ᠤᠯᠤᠰ ᠳᠤᠷᠠᠲᠠᠶ᠎ᠠ ᠹᠷᠠᠨᠼᠢ ᠯᠤᠭ᠎ᠠ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠨ᠎ᠠ᠃   ᠡᠨᠡ ᠵᠢᠯ ᠪᠣᠯ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠤᠢ ᠪᠣᠯᠤᠨ᠎ᠠ᠃ 70 ᠵᠢᠯ ᠤᠨ ᠡᠮᠦᠨ᠎ᠡ᠂ ᠶᠡᠷᠦᠩᠬᠡᠶ ᠰᠠᠶᠢᠳ ᠵᠧᠦ ᠤᠨ ᠯᠠᠶ ︽ᠡᠷᠬᠡ ᠮᠡᠳᠡᠯ ᠪᠠ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠠᠷᠢᠯᠴᠠᠨ ᠬᠦᠨᠳᠦᠳᠭᠡᠬᠦ᠂ ᠬᠠᠷᠢᠯᠴᠠᠨ ᠦᠯᠦ ᠬᠠᠯᠳᠠᠬᠤ᠂ ᠳᠣᠲᠣᠭᠠᠳᠤ ᠵᠠᠰᠠᠭ ᠲᠤ ᠬᠠᠷᠢᠯᠴᠠᠨ ᠭᠠᠷ ᠦᠯᠦ ᠲᠦᠷᠦᠭᠦ᠂ ᠡᠷᠬᠡ ᠲᠡᠭᠰᠢ ᠬᠠᠷᠢᠯᠴᠠᠨ ᠠᠰᠢᠭᠲᠠᠶ ᠪᠠᠶᠢᠬᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ︾ ᠲᠠᠪᠤᠨ ᠵᠠᠷᠴᠢᠮ ᠢ ᠠᠩᠬ᠎ᠠ ᠤᠳᠠᠭ᠎ᠠ ᠪᠦᠷᠢᠨ ᠪᠦᠲᠦᠨ ᠳᠤᠷᠠᠳᠪᠠ᠃ 70 ᠵᠢᠯ ᠤᠨ ᠲᠤᠷᠰᠢ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠳᠡᠯᠡᠬᠡᠢ ᠶᠢᠨ ᠡᠯ᠎ᠡ ᠤᠯᠤᠰ ᠨᠡᠶᠢᠳᠡᠮ ᠳᠡᠭᠡᠨ ᠬᠦᠯᠢᠶᠡᠨ ᠠᠪᠴᠤ ᠮᠡᠳᠡᠷᠡᠵᠦ᠂ ᠤᠳᠤ ᠦᠶ᠎ᠡ ᠶᠢᠨ ᠤᠯᠠᠨ ᠤᠯᠤᠰ ᠤᠨ ᠬᠠᠷᠢᠯᠴᠠᠭᠠᠨ ᠤ ᠴᠢᠬᠤᠯᠠ ᠪᠠᠷᠢᠮᠵᠢᠶ᠎ᠠ ᠪᠣᠯᠤᠭᠰᠠᠨ ᠪᠠᠶᠢᠨ᠎ᠠ᠃   ᠳᠤᠮᠳᠠᠳᠤ ᠤᠯᠤᠰ ᠪᠣᠯ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ᠂ ᠨᠢᠭᠡ ᠤᠳᠠᠭ᠎ᠠ ᠶᠢᠨ ᠲᠠᠶᠢᠨ ᠢ ᠴᠤ ᠰᠠᠨᠠᠭᠠᠴᠢᠯᠠᠭ᠎ᠠ ᠠᠴᠠ ᠪᠠᠨ ᠡᠭᠦᠰᠭᠡᠵᠦ ᠥᠩᠭᠡᠷᠡᠭᠰᠡᠨ ᠦᠭᠡᠢ᠂ ᠪᠤᠰᠤᠳ ᠤᠯᠤᠰ ᠤᠨ ᠨᠢᠭᠡ ᠢᠮᠠᠬᠤ ᠭᠠᠵᠠᠷ ᠰᠢᠷᠣᠢ ᠶᠢ ᠴᠤ ᠲᠦᠷᠢᠮᠡᠬᠡᠶᠢᠯᠡᠨ ᠡᠵᠡᠯᠡᠵᠦ ᠥᠩᠭᠡᠷᠡᠭᠰᠡᠨ ᠦᠭᠡᠢ᠃ ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠴᠤᠷ ᠤᠨ ᠭᠠᠭᠴᠠ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠦᠨᠳᠦᠰᠦᠨ ᠬᠠᠤᠯᠢ ᠳᠤ ᠪᠢᠴᠢᠵᠦ ᠣᠷᠣᠭᠤᠯᠤᠭᠰᠠᠨ ᠤᠯᠤᠰ ᠮᠥᠨ᠂ ᠴᠥᠮ᠎ᠡ ᠶᠢᠨ ᠲᠤᠮᠤ ᠤᠯᠤᠰ ᠤᠳ ᠤᠨ ᠲᠤᠳᠤᠷᠠᠬᠢ ᠴᠤᠷ ᠤᠨ ᠭᠠᠭᠴᠠ ᠴᠥᠮ᠎ᠡ ᠶᠢᠨ ᠵᠡᠪᠰᠡᠭ ᠢ ᠤᠷᠢᠳ ᠢᠶᠠᠷ ᠬᠡᠷᠡᠭᠯᠡᠬᠦ ᠦᠭᠡᠢ ᠭᠡᠵᠦ ᠠᠮᠠᠯᠠᠭᠰᠠᠨ ᠤᠯᠤᠰ ᠮᠥᠨ᠃    ᠤᠢᠢᠷ᠎ᠠ ᠶᠢᠨ ᠵᠢᠯ ᠠᠴᠠ᠂ ᠪᠢ ᠤᠷᠢᠳ ᠬᠤᠵᠢᠳ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠴᠤ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠳᠤᠮᠳᠠᠳᠤ ᠤᠯᠤᠰ ᠤᠨ ᠲᠥᠰᠦᠯ ᠢ ᠨᠡᠮᠡᠷᠢᠯᠡᠵᠦ᠂ ᠪᠦᠬᠦ ᠪᠥᠮᠪᠥᠷᠴᠡᠭ ᠤᠨ 100 ᠭᠠᠷᠤᠢ ᠤᠯᠤᠰ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠡᠮᠵᠢᠯᠭᠡ ᠶᠢ ᠣᠯᠵᠠᠢ᠃   ᠦᠺᠷᠠᠶᠢᠨ ᠤ ᠬᠢᠮᠤᠷᠠᠯ ᠤᠨ ᠧᠦ᠋ᠷᠣᠫᠠ ᠶᠢᠨ ᠠᠷᠠᠳ ᠲᠦᠮᠡᠨ ᠳᠤ ᠤᠴᠠᠷᠠᠭᠤᠯᠤᠭᠰᠠᠨ ᠳᠠᠭᠠᠷᠢᠯᠲᠠ ᠶᠢ ᠳᠤᠮᠳᠠᠳᠤ ᠤᠯᠤᠰ ᠣᠶᠢᠯᠠᠭᠠᠵᠤ ᠪᠠᠶᠢᠨ᠎ᠠ᠃ ᠳᠤᠮᠳᠠᠳᠤ ᠤᠯᠤᠰ ᠦᠺᠷᠠᠶᠢᠨ ᠤ ᠬᠢᠮᠤᠷᠠᠯ ᠢ ᠡᠬᠦᠰᠭᠡᠭᠴᠢ ᠪᠢᠰᠢ ᠪᠥᠭᠡᠳ ᠲᠤᠬᠠᠶ ᠶᠢᠨ ᠲᠠᠯ᠎ᠠ᠂ ᠣᠷᠣᠯᠴᠠᠭᠴᠢ ᠲᠠᠯ᠎ᠠ ᠴᠤ ᠪᠢᠰᠢ ᠶᠤᠮ᠂ ᠭᠡᠪᠡᠴᠦ ᠪᠢᠳᠡ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠶ ᠦᠢᠯᠡᠳᠦᠯ ᠦᠵᠡᠭᠦᠯᠦᠭᠰᠡᠭᠡᠷ ᠢᠷᠡᠵᠡᠶ᠃ ᠪᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ᠂ ᠡᠯ᠎ᠡ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠭᠡᠬᠦ᠂ ᠡᠯ᠎ᠡ ᠲᠠᠯ᠎ᠠ ᠶᠢᠨ ᠬᠢᠨ ᠤ ᠵᠦᠢ ᠵᠣᠬᠢᠰᠲᠠᠢ ᠠᠮᠤᠷ ᠲᠦᠪᠰᠢᠨ ᠤ ᠠᠩᠬᠠᠷᠤᠯ ᠢ ᠴᠢᠬᠤᠯᠠᠴᠢᠯᠠᠬᠤ ᠶᠢ ᠪᠠᠭᠲᠠᠭᠠᠭᠰᠠᠨ ᠤᠯᠠᠨ ᠵᠦᠢᠯ ᠤᠨ ᠤᠷᠢᠶᠠᠯᠠᠭ᠎ᠠ ᠶᠢ ᠵᠠᠯᠭᠠᠯᠳᠤᠭ᠎ᠠ ᠪᠠᠷ ᠭᠠᠷᠭᠠᠪᠠ︔ ᠴᠥᠮ᠎ᠡ ᠶᠢᠨ ᠵᠡᠪᠰᠡᠭ ᠢ ᠬᠡᠷᠡᠭᠯᠡᠵᠦ ᠪᠣᠯᠬᠤ ᠤᠢᠭᠡᠢ᠂ ᠴᠥᠮ᠎ᠡ ᠶᠢᠨ ᠲᠡᠶᠢᠠ ᠢ ᠬᠢᠵᠦ ᠪᠣᠯᠬᠤ ᠤᠢᠭᠡᠢ ᠭᠡᠵᠦ ᠴᠢᠬᠤᠯᠠᠴᠢᠯᠠᠪᠠ᠃ ᠳᠤᠮᠳᠠᠳᠤ ᠤᠯᠤᠰ ᠦᠺᠷᠠᠶᠢᠨ ᠳᠤ ᠤᠯᠠᠨ ᠪᠦᠯᠦᠭ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ᠂ ᠤᠯᠠᠨ ᠤᠳᠠᠭ᠎ᠠ ᠣᠨᠴᠠ ᠡᠯᠴᠢ ᠲᠣᠮᠢᠯᠠᠵᠤ ᠬᠤᠯᠪᠣᠭᠳᠠᠯ ᠪᠦᠬᠦᠢ ᠤᠯᠤᠰ ᠢ ᠡᠪᠰᠡᠭᠦᠯᠪᠡ᠃ ᠦᠺᠷᠠᠶᠢᠨ ᠤ ᠬᠢᠮᠤᠷᠠᠯ ᠬᠡᠳᠦᠶ ᠤᠳᠠᠭᠠᠨ ᠦᠷᠭᠦᠯᠵᠢᠯᠡᠬᠦ ᠲᠤᠲᠤᠮ ᠧᠦ᠋ᠷᠣᠫᠠ ᠲᠢᠪ ᠪᠣᠯᠤᠨ ᠳᠡᠯᠡᠬᠡᠶ ᠳᠤ ᠲᠡᠳᠦᠶ ᠶᠡᠭᠡ ᠬᠤᠬᠢᠷᠠᠯ ᠤᠴᠠᠷᠠᠭᠤᠯᠬᠤ ᠪᠣᠯᠤᠨ᠎ᠠ ᠃ ᠳᠤᠮᠳᠠᠳᠤ ᠤᠯᠤᠰ ᠧᠦ᠋ᠷᠣᠫᠠ ᠲᠢᠪ ᠤᠨ ᠡᠬᠡ ᠬᠠᠭᠤᠷᠠᠢ ᠶᠢ ᠡᠷᠲᠡᠬᠡᠨ ᠡᠩᠬᠡ ᠲᠠᠶᠢᠪᠤᠩ ᠲᠣᠭᠲᠠᠭᠤᠨ ᠪᠠᠶᠢᠳᠠᠯ ᠳᠤ ᠪᠤᠴᠠᠬᠤ ᠶᠢ ᠬᠦᠰᠡᠵᠦ ᠪᠠᠶᠢᠨ᠎ᠠ᠂ ᠳᠤᠷᠠᠲᠠᠶ᠎ᠠ ᠹᠷᠠᠨᠼᠢ ᠶᠢ ᠪᠠᠭᠲᠠᠭᠠᠭᠰᠠᠨ ᠳᠡᠯᠡᠬᠡᠢ ᠨᠡᠶᠢᠭᠡᠮ ᠤᠨ ᠬᠢᠨ ᠯᠦᠭᠡ ᠬᠠᠮᠲᠤ ᠪᠠᠷ ᠬᠢᠮᠤᠷᠠᠯ ᠢ ᠰᠢᠢᠳᠪᠦᠷᠢᠯᠡᠬᠦ ᠵᠣᠬᠢᠰᠲᠠᠢ ᠠᠷᠭ᠎ᠠ ᠵᠠᠮ ᠢ ᠡᠷᠢᠵᠦ ᠣᠯᠤᠨ᠎ᠠ᠃    ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠠᠳᠠᠯᠢᠬᠠᠨ ᠢᠶᠠᠷ ᠬᠥᠮᠦᠰ ᠤᠨ ᠰᠡᠳᠭᠢᠯ ᠢ ᠲᠠᠲᠠᠵᠤ ᠪᠤᠢ᠃ ᠫᠠᠯᠤᠰᠲ᠋ᠠᠶᠢᠨ ᠢᠰᠷᠧᠯ ᠤᠨ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠷᠭ᠎ᠠ ᠵᠠᠮ ᠨᠢ ᠲᠤᠰᠠᠭᠠᠷ ᠲᠣᠭᠲᠠᠨᠢᠭᠰᠠᠨ ᠫᠠᠯᠤᠰᠲ᠋ᠠᠶᠢᠨ ᠤᠯᠤᠰ ᠢ ᠪᠠᠶᠢᠭᠤᠯᠬᠤ ᠳᠤ ᠪᠠᠶᠢᠨ᠎ᠠ᠃ ᠫᠠᠯᠧᠰᠲ᠋ᠠᠶᠢᠨ ᠢᠰᠷᠧᠯ ᠤᠨ ᠪᠠᠶᠢᠳᠠᠯ ᠪᠠᠶᠢᠨ ᠳᠠᠬᠢᠨ ᠣᠷᠤᠭ᠎ᠠ ᠪᠤᠰᠬᠠᠭ᠎ᠠ ᠪᠣᠯᠤᠭᠰᠠᠨ ᠤ ᠦᠨᠳᠦᠰᠦᠨ ᠰᠢᠯᠲᠠᠭᠠᠨ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠢᠢᠳᠪᠦᠷᠢ ᠶᠢ ᠦᠨᠡᠨ ᠬᠦ ᠬᠡᠷᠡᠭᠵᠢᠭᠦᠯᠵᠦ ᠴᠢᠳᠠᠭᠰᠠᠨ ᠦᠭᠡᠢ᠂ ︽ᠬᠤᠶᠠᠷ ᠤᠯᠤᠰ ᠤᠨ ᠲᠥᠰᠦᠯ︾᠎ ᠤᠨ ᠰᠠᠭᠤᠷᠢ ᠲᠠᠰᠤᠷᠠᠯᠳᠠ ᠦᠭᠡᠢ ᠢᠳᠡᠭᠳᠡᠵᠦ᠂ ᠳᠤᠮᠳᠠᠳᠤ ᠳᠣᠷᠣᠨᠠᠲᠤ ᠶᠢᠨ ᠨᠠᠶᠢᠷᠠᠮᠳᠠᠯ ᠤᠨ ᠠᠬᠢᠴᠠ ᠵᠥᠪ ᠵᠠᠮ ᠠᠴᠠ ᠪᠠᠨ ᠭᠠᠷᠤᠬᠰᠠᠨ ᠳᠤ ᠪᠠᠶᠢᠨ᠎ᠠ᠃ ᠳᠤᠮᠳᠠᠳᠤ ᠹᠷᠠᠨᠼᠢ ᠬᠤᠶᠠᠷ ᠤᠯᠤᠰ ᠫᠠᠯᠤᠰᠲ᠋ᠠᠶᠢᠨ ᠢᠰᠷᠧᠯ ᠤᠨ ᠠᠰᠠᠭᠤᠳᠠᠯ ᠤᠨ ᠲᠠᠯ᠎ᠠ ᠪᠠᠷ ᠮᠠᠰᠢ ᠤᠯᠠᠨ ᠬᠠᠮᠲᠤ ᠶᠢᠨ ᠲᠠᠨᠢᠯᠲᠠ ᠲᠠᠢ ᠶᠤᠮ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠳᠣᠷᠣᠨᠠᠲᠤ ᠶᠢᠨ ᠡᠩᠬᠡ ᠲᠠᠶᠢᠪᠤᠩ ᠢ ᠰᠡᠷᠭᠦᠭᠡᠬᠦ ᠳᠤ ᠬᠤᠪᠢ ᠨᠡᠮᠡᠷᠢ ᠦᠵᠡᠭᠦᠯᠪᠡᠯ ᠵᠣᠬᠢᠨ᠎ᠠ᠃   ᠺᠦᠩᠽᠢ ︽ᠡᠷᠭᠢᠮ ᠬᠦᠮᠦᠨ ᠡᠶᠡᠯᠳᠡᠭ ᠠᠳᠠᠯ᠎ᠠ ᠤᠯᠠᠨ ᠤ ᠠᠶ᠎ᠠ ᠶᠢ ᠦᠯᠦ ᠳᠠᠭᠠᠶᠤ᠂ ᠡᠨᠡ ᠨᠢ ᠰᠠᠶ᠋ᠢ ᠦᠨᠡᠨ ᠬᠦᠴᠦᠷᠭᠡᠭ ᠪᠤᠯᠠᠢ︔ ᠬᠡᠪ ᠢᠶᠠᠨ ᠰᠠᠬᠢᠬᠤ ᠠᠴᠠ ᠪᠢᠰᠢ ᠦᠯᠦ ᠬᠡᠯᠪᠠᠶᠢᠮᠤᠢ᠂ ᠡᠨᠡ ᠨᠢ ᠰᠠᠶ᠋ᠢ ᠦᠨᠡᠨ ᠬᠦᠴᠦᠷᠭᠡᠭ ᠪᠤᠯᠠᠢ︾ ᠭᠡᠵᠦ ᠬᠡᠯᠡᠪᠡ᠃ ᠹᠷᠠᠨᠼᠢ ᠶᠢᠨ ᠵᠣᠬᠢᠶᠠᠯᠴᠢ ᠷᠤᠮᠠᠨ · ᠷᠤᠯᠯᠠᠨᠳ᠋ ︽ᠪᠡᠶ᠎ᠡ ᠪᠠᠨ ᠳᠠᠭᠠᠭᠠᠵᠤ ᠰᠡᠳᠭᠢᠬᠦ ᠪᠠᠨ ᠪᠤᠯᠢᠬᠤ ᠪᠣᠯ ᠠᠯᠢᠪᠠ ᠵᠣᠯ ᠪᠤᠰᠤ ᠶᠢᠨ ᠭᠤᠤᠯᠯᠠᠬᠴᠢ ᠮᠥᠨ︾ ᠭᠡᠵᠤ ᠬᠡᠯᠡᠪᠡ᠃ ᠳᠤᠮᠳᠠᠳᠤ ᠹᠷᠠᠨᠼᠢ ᠬᠤᠶᠠᠷ ᠪᠡᠶ᠎ᠡ ᠪᠠᠨ ᠳᠠᠭᠠᠭᠠᠵᠤ ᠡᠵᠡᠨ ᠮᠡᠳᠡᠬᠦ ᠵᠣᠷᠢᠭ ᠰᠠᠨᠠᠭ᠎ᠠ ᠲᠠᠢ ᠲᠤᠮᠤ ᠤᠯᠤᠰ ᠪᠣᠯᠤᠭᠰᠠᠨ ᠤ ᠬᠤᠪᠢ ᠳᠤ᠂ ᠲᠡᠦᠬᠡ ᠶᠢᠨ ᠤᠷᠳᠤ ᠠᠶᠠᠨ ᠳᠤ ᠤᠴᠠᠷᠠᠬᠤ ᠪᠦᠷᠢ ᠴᠥᠮ ᠯᠤᠲᠤ ᠶᠡᠭᠡ ᠡᠨᠧᠷᠭᠢ ᠤᠷᠬᠢᠯᠤᠨ ᠭᠠᠷᠴᠤ᠂ ᠳᠡᠯᠡᠬᠡᠢ ᠶᠢᠨ ᠤᠷᠤᠭᠰᠢᠯᠠᠬᠤ ᠴᠢᠭᠯᠡᠯ ᠢ ᠨᠥᠯᠥᠭᠡᠯᠡᠳᠡᠭ᠃ ᠲᠡᠦᠬᠡ ᠶᠢᠨ ᠰᠢᠨ᠎ᠡ ᠠᠭᠤᠯᠵᠠᠷ ᠴᠡᠭ ᠳᠡᠭᠡᠷ᠎ᠡ ᠵᠣᠭᠰᠣᠵᠤ᠂ ᠪᠢᠳᠠ ᠭᠠᠷ ᠬᠤᠯᠪᠣᠨ ᠲᠠᠬᠢᠨ ᠮᠣᠷᠳᠠᠵᠤ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠨᠡᠩ ᠶᠡᠭᠡ ᠰᠢᠨ᠎ᠡ ᠠᠮᠵᠢᠯᠲᠠ ᠪᠦᠲᠦᠮᠵᠢ ᠤᠯᠬᠤ ᠶᠢ ᠠᠬᠢᠭᠤᠯᠵᠤ᠂ ᠬᠤᠶᠠᠷ ᠤᠯᠤᠰ ᠪᠣᠯᠤᠨ ᠳᠡᠯᠡᠬᠡᠢ ᠳ᠋ᠠᠬᠢᠨ ᠳᠤ ᠪᠤᠶᠠᠨ ᠦᠢᠯᠡᠳᠦᠶ᠎ᠡ︕   ︵ᠰᠢᠨᠬᠤᠸᠠ ᠬᠤᠷᠢᠶ᠎ᠠ ᠶᠢᠨ ᠫᠠᠷᠢᠰ ᠤᠨ 5 ᠰᠠᠷ᠎ᠠ ᠶᠢᠨ 5᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号