ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ | ︽5 · 1︾ ᠤ ᠠᠮᠠᠷᠠᠯᠲᠠ ᠶᠢᠨ ᠬᠤᠭᠤᠴᠠᠭᠠᠨ ᠤ ᠬᠡᠷᠡᠭᠯᠡᠭᠡᠨ ᠤ ︽ᠰᠢᠵᠢᠷ ᠠᠯᠲᠠᠨ ᠴᠠᠭ︾ ᠢ ᠠᠮᠵᠢᠵᠤ᠂ ᠥᠪᠥᠷ | ᠮᠣᠩᠭᠤᠯ ᠤᠨ 216 ᠲᠠᠯᠠᠪᠤᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠠᠮᠠᠷᠠᠯᠲᠠ ᠶᠢᠨ ᠬᠤᠭᠤᠴᠠᠭᠠᠨ ᠳᠤ | ᠲᠦᠪᠯᠡᠷᠡᠩᠭᠦᠢ ᠶᠠᠪᠤᠭᠳᠠᠵᠠᠢ᠂ ᠡᠭᠦᠨ ᠳᠤ ᠮᠠᠰᠢᠨ ᠲᠡᠷᠭᠡᠨ ᠤ ᠦᠵᠡᠰᠭᠦᠯᠡᠩ ᠤᠯᠠᠨ ᠶᠠᠪᠤᠭᠳᠠᠭᠰᠠᠨ ᠪᠠᠶᠢᠯ᠎ᠠ᠃ | 5 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ ᠶᠠᠪᠤᠭᠳᠠᠭᠰᠠᠨ ᠥᠪᠥᠷ ᠮᠣᠩᠭᠤᠯ ᠤᠨ ᠬᠤᠷᠢᠨ | ᠭᠤᠷᠪᠠᠳᠤᠭᠠᠷ ᠬᠤᠭᠤᠴᠠᠭᠠᠨ ᠤ ᠲᠣᠮᠣ ᠬᠡᠯᠪᠡᠷᠢ ᠶᠢᠨ ᠮᠠᠰᠢᠨ ᠲᠡᠷᠭᠡᠨ ᠤ ᠦᠵᠡᠰᠭᠦᠯᠡᠩ ᠥᠪᠥᠷ ᠮᠣᠩᠭᠤᠯ ᠤᠨ | ᠦᠵᠡᠰᠭᠦᠯᠡᠩ ᠤᠨ ᠣᠷᠳᠣᠨ ᠳᠤ ᠡᠬᠢᠯᠡᠪᠡ᠂ ᠲᠣᠰ ᠦᠵᠡᠰᠭᠦᠯᠡᠩ ᠤᠨ ᠲᠠᠯᠠᠪᠠᠢ ᠨᠢ 4000 ᠲᠡᠭᠰᠢ ᠳᠥᠷᠪᠡᠯᠵᠢᠨ | ᠮᠧᠲᠷ ᠪᠠᠶᠢᠵᠦ᠂ ᠲᠤᠬᠠᠶ ᠶᠢᠨ ᠲᠠᠯᠠᠪᠠᠶ ᠳᠤ ᠪᠧᠨ ᠲᠢᠶᠠᠨ᠂ ᠨᠢᠰᠠᠩ᠂ ᠪᠢ ᠶᠠ ᠳ᠋ᠢ ᠵᠡᠷᠭᠡ 40 ᠭᠠᠷᠤᠶ ᠮᠠᠰᠢᠨ | ᠲᠡᠷᠭᠡᠨ ᠤ ᠲᠦᠷᠦᠯ ᠲᠡᠮᠳᠡᠭ ᠦᠵᠡᠰᠭᠦᠯᠡᠩ ᠳᠤ ᠣᠷᠣᠯᠴᠠᠪᠠ᠃ 5 ᠰᠠᠷ᠎ᠠ ᠶᠢᠨ 1 ᠤ ᠡᠳᠦᠷ ᠠᠴᠠ 4 ᠤ ᠡᠳᠦᠷ | ᠪᠣᠯᠲᠠᠯ᠎ᠠ ᠶᠠᠪᠤᠭᠳᠠᠬᠤ ᠬᠥᠬᠡᠬᠤᠲᠠ ᠶᠢᠨ ᠠᠷᠪᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠦᠵᠡᠰᠭᠦᠯᠡᠩ ᠴᠡᠯᠡᠭᠡᠷ | ᠲᠠᠯ᠎ᠠ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠡᠬᠢᠯᠡᠪᠡ᠂ ᠲᠣᠰ ᠦᠵᠡᠰᠭᠦᠯᠡᠩ ᠤᠨ | ᠬᠡᠪᠴᠢᠶ᠎ᠡ ᠨᠢ 2 ᠲᠥᠮᠡᠨ ᠲᠡᠭᠰᠢ ᠳᠥᠷᠪᠡᠯᠵᠢᠨ ᠮᠧᠲᠷ ᠰᠢᠬᠠᠮ ᠪᠠᠶᠢᠵᠤ᠂ 60 ᠭᠠᠷᠤᠶ ᠲᠥᠷᠥᠯ ᠲᠡᠮᠳᠡᠭ | ᠦᠵᠡᠰᠭᠦᠯᠡᠩ ᠳᠤ ᠣᠷᠣᠯᠴᠠᠵᠤ᠂ ᠠᠬᠤᠶ ᠲᠠᠯᠠᠪᠠᠶ ᠳᠤ 400 ᠭᠠᠷᠤᠶ ᠮᠠᠰᠢᠨ ᠲᠡᠷᠭᠡ ᠶᠢ ᠦᠵᠡᠭᠦᠯᠵᠦ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠡᠨᠧᠷᠭᠢ ᠠᠷᠪᠢᠯᠠᠬᠤ ᠮᠠᠰᠢᠨ ᠲᠡᠷᠭᠡ ᠵᠡᠷᠭᠡ ᠰᠢᠨ᠎ᠡ ᠶᠢ ᠡᠭᠦᠳᠦᠭᠰᠡᠨ ᠦᠢᠯᠡᠳᠬᠦᠨ | ᠢᠯᠡᠷᠡᠪᠡ᠃ ᠡᠭᠦᠨ ᠠᠴᠠ ᠭᠠᠳᠠᠨ᠎ᠠ᠂ ᠦᠬᠠᠶ ᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠣᠷᠳᠣᠰ | ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠰᠢᠯᠢ ᠶᠢᠨ | ᠭᠤᠤᠯ ᠠᠶᠢᠮᠠᠭ ᠵᠡᠷᠭᠡ ᠠᠶᠢᠮᠠᠭ ᠬᠤᠲᠠ ᠴᠤ ︽5 · 1︾ ᠤ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠮᠠᠰᠢᠨ | ᠲᠡᠷᠭᠡᠨ ᠤ ᠦᠵᠡᠰᠭᠦᠯᠡᠩ ᠡᠷᠬᠢᠯᠡᠭᠰᠡᠨ ᠪᠠᠶᠢᠨ᠎ᠠ᠃ | ᠠᠩᠬ᠎ᠠ ᠠᠯᠬᠤᠮ ᠤᠨ ᠪᠦᠷᠢᠳᠭᠡᠯ ᠢ ᠦᠨᠳᠦᠰᠦᠯᠡᠪᠡᠯ᠂ ᠬᠥᠬᠡᠬᠤᠲᠠ ᠶᠢᠨ ᠠᠷᠪᠠᠳᠤᠭᠠᠷ ᠬᠤᠭᠤᠴᠠᠭᠠᠨ ᠤ ᠮᠠᠰᠢᠨ | ᠲᠡᠷᠭᠡᠨ ᠤ ᠦᠵᠡᠰᠭᠦᠯᠡᠩ ᠡᠬᠢᠯᠡᠭᠰᠡᠨ ᠠᠩᠬᠠᠨ ᠤ ᠡᠳᠦᠷ ᠲᠣᠭᠤᠷᠢᠨ ᠦᠵᠡᠭᠰᠡᠨ ᠬᠥᠮᠦᠨ ᠤ ᠲᠤᠭ᠎ᠠ 1.5 | ᠲᠦᠮᠡ ᠶᠢ ᠳᠠᠪᠠᠵᠤ᠂ 183 ᠮᠠᠰᠢᠨ ᠲᠡᠷᠭᠡ ᠪᠣᠷᠣᠯᠠᠭᠤᠯᠤᠭᠰᠠᠨ ᠪᠠᠶᠢᠨ᠎ᠠ᠃ | ︽5 · 1︾ ᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠢ ᠵᠢᠯᠣᠭᠤᠳᠤᠨ ︽ | ᠬᠡᠷᠡᠭᠯᠡᠭᠡ ᠶᠢ ᠠᠬᠢᠭᠤᠯᠬᠤ ᠣᠨ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠪᠤᠷ ᠤᠨ ᠤᠯᠠᠷᠢᠯ ᠤᠨ ᠬᠡᠷᠡᠭᠯᠡᠭᠡ ᠶᠢᠨ | ᠭᠤᠤᠯ ᠰᠡᠳᠦᠪ ᠤᠨ ᠲᠣᠭᠤᠷᠢᠨ ᠳᠤ᠂ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ 3000 ᠭᠠᠷᠤᠶ ᠠᠵᠤ ᠠᠬᠤᠶᠢᠯᠠᠯ ᠣᠷᠣᠯᠴᠠᠵᠤ᠂ ᠥᠳᠭᠡᠨ ᠵᠤᠵᠠᠭᠠᠨ ᠪᠠᠶᠠᠷ ᠤᠨ | ᠡᠳᠦᠷ ᠤᠨ ᠠᠭᠤᠷ ᠠᠮᠢᠰᠬᠤᠯ ᠢ ᠪᠣᠶ ᠪᠣᠯᠭᠠᠪᠠ᠃ ︽ᠡᠭᠦᠨ ᠳᠤ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ | ᠰᠠᠨᠠᠭᠠᠴᠢᠯᠠᠭᠰᠠᠨ ᠬᠡᠷᠡᠭᠯᠡᠭᠡᠨ ᠤ ᠵᠦᠢᠯ ᠤᠨ ᠰᠢᠨ᠎ᠡ ᠶᠢ ᠬᠤᠳᠠᠯᠳᠤᠨ ᠠᠪᠤᠪᠠᠯ ᠬᠠᠭᠤᠴᠢᠨ ᠢ ᠨᠢ ᠵᠤᠭᠤᠰ ᠪᠤᠳᠤᠬᠤ | ᠠᠵᠢᠯᠯᠠᠭ᠎ᠠ ᠶᠢ ᠭᠤᠤᠯᠳᠠᠯᠭ᠎ᠠ ᠲᠠᠢ ᠨᠠᠶᠢᠳᠠᠪᠤᠷᠢᠵᠢᠭᠤᠯᠵᠤ᠂ ᠪᠥᠬᠦ ᠣᠷᠣᠨ ᠳᠤ ᠮᠠᠰᠢᠨ ᠲᠡᠷᠭᠡ᠂ ᠬᠡᠷ ᠤᠨ ᠴᠠᠬᠢᠯᠭᠠᠨ | ᠬᠡᠷᠡᠭᠰᠡᠯ᠂ ᠬᠡᠷ ᠤᠨ ᠡᠳ᠋ᠯᠡᠯ ᠵᠡᠷᠭᠡ ᠳᠤ ᠲᠥᠪᠯᠡᠷᠡᠭᠦᠯᠦᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 216 ᠤᠳᠠᠭ᠎ᠠ | ᠥᠷᠨᠢᠭᠦᠯᠵᠦ᠂ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ ᠬᠡᠷᠡᠭᠯᠡᠭᠡ ᠶᠢᠨ ᠲᠡᠮᠳᠡᠭᠲᠦ ︵ᠨᠥᠬᠦᠪᠥᠷᠢ︶ ᠶᠢ | 7000 ᠭᠠᠷᠤᠶ ᠲᠦᠮᠡᠨ ᠲᠥᠭᠦᠷᠢᠭ ᠲᠠᠷᠬᠠᠭᠠᠪᠠ︾ ᠭᠡᠵᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠨᠢᠯᠴᠠᠭᠤᠯᠵᠠᠢ᠃ | | | | | |