ᠪᠥᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠵᠠᠪᠤᠭᠳᠠᠪᠠ
ᠨᠡᠶᠢᠲᠡᠯᠡᠭᠰᠡᠨ ᠴᠠᠭ᠄
2024/5/6
   ᠪᠥᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠲᠦᠷᠦᠭᠦᠬᠡᠨ ᠤᠯᠠᠭᠠᠨᠬᠠᠳᠠ ᠳᠤ ᠬᠢᠴᠢᠶᠡᠯ ᠡᠬᠢᠯᠡᠵᠦ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ 48 ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠪᠠ᠃   ᠲᠣᠰ ᠪᠣᠯᠪᠠᠰᠤᠷᠠᠯ 9 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠢᠴᠢᠶᠡᠯ ᠤᠨ ᠲᠣᠬᠢᠷᠠᠭᠤᠯᠤᠯᠲᠠ ᠳᠤ ᠣᠨᠣᠯ ᠤᠨ ᠵᠢᠭᠠᠨ ᠰᠤᠷᠭᠠᠯᠲᠠ ᠪᠠᠶᠢᠬᠤ ᠮᠥᠷᠲᠡᠭᠡᠨ ᠪᠠᠰᠠ ᠦᠢᠯᠡᠳᠦᠯᠭᠡ ᠶᠢᠨ ᠠᠵᠢᠯᠯᠠᠭ᠎ᠠ ᠲᠠᠢ ᠪᠠᠶᠢᠵᠤ᠂ ᠬᠢᠴᠢᠶᠡᠯᠯᠡᠬᠦ ᠬᠡᠯᠪᠡᠷᠢ ᠶᠢᠨ ᠲᠠᠯ᠎ᠠ ᠪᠠᠷ ᠲᠥᠪᠯᠡᠷᠡᠩᠬᠦᠢ ᠰᠤᠷᠤᠯᠴᠠᠯᠭ᠎ᠠ ᠪᠠ ᠲᠤᠷᠰᠢᠯᠭ᠎ᠠ ᠪᠠᠨ ᠰᠣᠯᠢᠯᠴᠠᠬᠤ ᠶᠢ ᠤᠶᠠᠯᠳᠤᠭᠤᠯᠵᠤ᠂ ᠠᠭᠤᠯᠭ᠎ᠠ ᠶᠢᠨ ᠲᠠᠯ᠎ᠠ ᠪᠠᠷ ᠬᠡᠷᠡᠭ ᠤᠨ ᠵᠢᠱᠢᠶ᠎ᠡ ᠶᠢᠨ ᠲᠠᠶᠢᠯᠤᠮᠵᠢ᠂ ᠦᠵᠡᠭᠳᠡᠯ ᠤᠨ ᠳᠠᠭᠤᠷᠢᠶᠠᠮᠠᠯ ᠵᠢᠱᠢᠶ᠎ᠠ ᠶᠢ ᠲᠤᠬᠢᠷᠠᠭᠤᠯᠵᠠᠢ᠃   ᠪᠣᠯᠪᠠᠰᠤᠷᠠᠯ ᠳᠤ ᠣᠷᠣᠯᠴᠠᠭᠰᠠᠳ ᠪᠤᠯ ᠴᠥᠮ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠢᠭᠡᠳᠦᠭᠡᠷ ᠹᠷᠣᠨᠲ ᠤᠨ ᠠᠵᠢᠯᠲᠠᠨ ᠪᠠᠶᠢᠵᠦ᠂ ᠪᠣᠯᠪᠠᠰᠤᠷᠠᠯ ᠤᠨ ᠠᠩᠭᠢ ᠳᠤ ᠤᠷᠤᠯᠴᠠᠬᠤ ᠪᠠᠷ ᠲᠠᠮᠵᠢᠨ᠂ ᠰᠤᠷᠤᠯᠭᠠᠳᠠᠳ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠦᠢᠯᠡᠴᠢᠯᠡᠭᠡᠨ ᠤ ᠮᠡᠷᠭᠡᠵᠢᠯ᠂ ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠪᠠᠷᠢᠮᠵᠢᠶ᠎ᠠ ᠪᠠᠨ ᠴᠢᠨᠠᠭᠰᠢᠳᠠ ᠳᠡᠭᠡᠭᠰᠢᠯᠡᠬᠦᠯᠪᠡ᠃   ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠪᠣᠯ ᠨᠠᠰᠤᠳᠠᠶᠢᠴᠤᠳ ᠲᠧ ᠬᠠᠨᠳᠤᠭᠤᠯᠤᠭᠰᠠᠨ ᠦᠢᠯᠡᠴᠢᠯᠡᠭᠡ ᠮᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠯᠢᠳᠡᠭ ᠡᠩᠨᠡᠭᠡ ᠨᠢ ᠠᠵᠢᠯ ᠲᠥᠷᠥᠯ ᠤᠨ ᠬᠥᠭᠵᠢᠯᠲᠡ ᠶᠢ ᠠᠬᠢᠭᠤᠯᠬᠤ ᠴᠢᠬᠤᠯᠠ ᠪᠠᠲᠤᠯᠠᠭ᠎ᠠ ᠮᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号