ᠤᠯᠠᠮᠵᠢᠯᠠᠯᠳᠤ ᠴᠠᠭᠠᠨ ᠢᠳᠡᠭᠡ — ᠵᠦᠬᠡᠭᠡᠢ
ᠨᠡᠶᠢᠲᠡᠯᠡᠭᠰᠡᠨ ᠴᠠᠭ᠄
2024/5/6
  ᠵᠦᠬᠡᠭᠡᠢ ᠪᠤᠯ ᠰᠦᠨ ᠤ ᠲᠤᠰᠤᠯᠢᠭ ᠢᠳᠡᠭᠡᠨ ᠪᠤᠯᠤᠨ᠎ᠠ᠃ ᠵᠤᠨ ᠤ ᠴᠠᠭ ᠲᠤ ᠰᠠᠭᠠᠭᠰᠠᠨ ᠰᠦ ᠪᠠᠨ ᠸᠠᠭᠠᠷ ᠰᠠᠪᠠᠨ ᠳᠤ ᠬᠢᠵᠦ ᠰᠡᠷᠢᠬᠦᠨ ᠭᠠᠵᠠᠷ ᠬᠦᠳᠡᠯᠭᠡᠯ ᠦᠬᠡᠢ ᠲᠠᠯᠪᠢᠪᠠᠯ ᠪᠠᠷᠤᠭ 48 ᠴᠠᠭ ᠤᠨ ᠲᠤᠳᠤᠷ᠎ᠠ ᠰᠦ ᠡᠭᠡᠳᠡᠨ᠎ᠡ ᠂ ᠡᠭᠡᠳᠡᠭᠰᠡᠨ ᠰᠦᠨ ᠤ ᠲᠡᠭᠡᠷ᠎ᠡ ᠲᠠᠯ᠎ᠠ ᠳᠤ ᠦᠳᠭᠡᠨ ᠲᠤᠰᠤᠯᠢᠭ ᠨᠢ ᠢᠯᠭᠠᠷᠠᠨ ᠭᠠᠷᠬᠤ ᠦᠶᠡᠰ ᠲᠡᠭᠦᠨ ᠢ ᠰᠦᠨ ᠠᠴᠠ ᠨᠢ ᠳᠡᠭᠡᠭᠦᠷ ᠬᠠᠮᠤᠵᠤ ᠠᠪᠤᠭᠰᠠᠨ ᠢ ᠵᠦᠬᠡᠬᠡᠢ ᠬᠡᠨ᠎ᠡ᠃ ᠵᠦᠬᠡᠭᠡᠢ ᠪᠤᠯ ᠰᠢᠷ᠎ᠠ ᠴᠠᠭᠠᠨ ᠲᠤᠰᠤᠨ ᠤ ᠡᠬᠢ ᠮᠠᠲ᠋ᠧᠷᠢᠶᠠᠯ ᠪᠤᠯᠬᠤ ᠪᠦᠭᠡᠳ ᠴᠠᠢ ᠨᠡᠶᠢᠯᠡᠬᠦᠯᠵᠦ᠂ ᠪᠤᠤᠪᠤ ᠪᠤᠭᠤᠷᠰᠤᠭ ᠲᠦᠷᠢᠵᠦ ᠢᠳᠡᠬᠦ ᠮᠡᠳᠦ  ᠪᠠᠷ ᠲᠡᠷᠡ ᠬᠡᠪ ᠢᠶᠠᠷ ᠨᠢ ᠬᠡᠷᠡᠭᠯᠡᠵᠦ ᠴᠤ ᠪᠤᠯᠤᠨ᠎ᠠ᠃ ᠵᠦᠭᠡᠭᠡᠢ ᠲᠠᠢ ᠪᠤᠳᠠᠭ᠎ᠠ ᠵᠢᠭᠤᠷᠠᠵᠤ ᠢᠳᠡᠬᠦ ᠪᠤᠯ ᠮᠤᠩᠭᠤᠯᠴᠤᠳ ᠤᠨ ᠢᠳᠡᠭᠡᠨ ᠤ ᠳᠡᠭᠡᠳᠦ ᠶᠢᠨ ᠨᠢᠭᠡ ᠪᠤᠯᠤᠨ᠎ᠠ᠂ ᠬᠢᠬᠦ ᠠᠷᠭ᠎ᠠ ᠨᠢ᠄ ᠲᠤᠮᠳᠠᠭᠤᠷ ᠠᠶᠠᠭ᠎ᠠ ᠬᠢᠷᠢᠳᠠᠢ ᠬᠠᠭᠤᠷᠤᠭᠰᠠᠨ ᠪᠤᠳᠠᠭ᠎ᠠ ︵ᠬᠠᠭᠤᠷᠠᠢ ᠪᠤᠳᠠᠭ᠎ᠠ︶ ᠶᠢ ᠪᠤᠴᠠᠯᠤᠭᠰᠠᠨ ᠤᠰᠤᠨ ᠳᠤ ᠵᠠᠶᠢᠯᠠᠵᠤ ᠳᠡᠪᠳᠦᠭᠡᠭᠰᠡᠨ ᠤ ᠲᠠᠷᠠᠭ᠎ᠠ ᠤᠰᠤ ᠶᠢ ᠨᠢ ᠰᠢᠪᠬᠠᠷᠠᠨ ᠠᠰᠬᠠᠵᠤ᠂ ᠲᠡᠭᠡᠷ᠎ᠡ ᠨᠢ ᠬᠤᠷᠤᠭᠤ ᠵᠤᠵᠠᠭᠠᠨ ᠬᠦᠰᠢᠭᠰᠡᠨ ᠵᠦᠭᠡᠭᠡᠢ ᠪᠠᠨ ᠰᠢᠨᠠᠭ᠎ᠠ ᠰᠢᠬᠠᠮ ᠬᠢᠵᠦ ᠵᠢᠭᠤᠷᠠᠪᠠᠯ ᠪᠤᠯᠴᠢᠬᠠᠨ᠎ᠠ᠂ ᠠᠮᠳᠠᠳᠠᠢ ᠢᠳᠡᠬᠦ ᠭᠡᠪᠡᠯ ᠪᠤᠷᠠᠮ᠂ ᠱᠠᠳᠠᠩ ᠬᠢᠵᠦ ᠬᠤᠳᠬᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号