ᠮᠠᠨ ᠤ ᠤᠯᠤᠰ ᠤᠨ ᠬᠠᠤᠯᠢ ᠴᠠᠭᠠᠵᠠ ᠳᠤ ᠥᠨᠳᠥᠷ ᠬᠦᠦ ᠲᠠᠢ ᠵᠢᠭᠡᠯᠡᠯᠭᠡ ᠶᠢ ᠬᠡᠷᠬᠢᠨ ᠰᠢᠢᠳᠪᠦᠷᠢᠯᠡᠳᠡᠭ ᠪᠤᠢ︖
ᠨᠡᠶᠢᠲᠡᠯᠡᠭᠰᠡᠨ ᠴᠠᠭ᠄
2024/5/6
    ᠮᠠᠨ ᠤ ᠤᠯᠤᠰ ᠤᠨ ᠣᠳᠣᠬᠠᠨ ᠤ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠶᠠᠮᠠᠷ ᠵᠢᠭᠡᠯᠡᠯᠭᠡ ᠶᠢᠨ ᠠᠷᠭ᠎ᠠ ᠮᠠᠶ᠋ᠢᠭ ᠢ ᠬᠡᠷᠡᠭᠯᠡᠭᠰᠡᠨ ᠴᠤ᠂ ᠳᠠᠪᠬᠤᠷ ᠬᠦᠦ ᠮᠥᠩᠭᠦ ᠪᠤᠳᠤᠬᠰᠠᠨ ᠡᠰᠡᠬᠦᠯ᠎ᠡ ᠵᠢᠭᠡᠯᠡᠭᠦᠯᠬᠦ ᠳᠡᠭᠡᠨ ᠤᠷᠢᠳ ᠢᠶᠠᠷ ᠬᠦᠦ ᠮᠥᠩᠭᠦ ᠶᠢ ᠰᠠᠭᠤᠯᠭᠠᠨ ᠠᠪᠤᠭᠰᠠᠨ ᠪᠠᠶᠢᠪᠠᠯ᠂ ᠴᠥᠮ ᠪᠣᠳᠠᠲᠤ ᠵᠢᠭᠡᠯᠡᠭᠦᠯᠦᠭᠰᠡᠨ ᠵᠣᠭᠤᠰᠤᠨ ᠤ ᠲᠤᠭ᠎ᠠ ᠪᠠᠷ ᠬᠦᠦ ᠮᠥᠩᠭᠦ ᠪᠤᠳᠤᠬᠤ ᠪᠥᠭᠡᠳ ᠪᠠᠩᠬᠢ ᠶᠢᠨ ᠠᠳᠠᠯᠢ ᠲᠦᠷᠦᠯ ᠤᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ 4 ᠲᠠᠬᠢᠨ ᠠᠴᠠ ᠬᠡᠲᠦᠷᠡᠭᠰᠡᠨ ᠦᠶ᠎ᠡ ᠳᠤ᠂ ᠬᠡᠲᠦᠷᠡᠭᠰᠡᠨ ᠬᠡᠰᠡᠭ ᠢ  ᠨᠢ ᠬᠠᠤᠯᠢ ᠶᠣᠰᠣᠨ ᠤ ᠬᠠᠮᠠᠭᠠᠯᠠᠯᠲᠠ ᠲᠤ ᠤᠷᠤᠭᠤᠯᠬᠤ ᠦᠭᠡᠢ᠃ ᠡᠭᠦᠨ ᠤ ᠬᠠᠮᠲᠤ᠂ ᠵᠢᠭᠡᠯᠡᠭᠦᠯᠦᠭᠴᠢ ᠶᠢᠨ ᠨᠢᠭᠡᠨᠲᠡ ᠬᠤᠷᠢᠶᠠᠨ ᠠᠪᠤᠭᠰᠠᠨ ᠥᠨᠳᠥᠷ ᠬᠦᠦ ᠲᠠᠢ ᠵᠢᠭᠡᠯᠡᠯᠭᠡ ᠶᠢᠨ ᠬᠡᠰᠡᠭ ᠤᠨ ᠬᠦᠦ ᠮᠥᠩᠭᠦ ᠪᠠᠷ ᠲᠥᠯᠥᠭᠡᠳᠦᠢ ᠡᠬᠡ ᠮᠥᠩᠭᠦ ᠶᠢ ᠲᠤᠯᠭᠠᠨ ᠲᠥᠯᠥᠵᠦ ᠪᠣᠯᠣᠨ᠎ᠠ᠂ ᠬᠡᠷᠪᠡ ᠬᠠᠤᠯᠢ ᠶᠣᠰᠣᠨ ᠤ ᠡᠬᠡ ᠬᠦᠦ ᠮᠥᠩᠭᠦ ᠶᠢ ᠨᠢᠭᠡᠨᠲᠡ ᠲᠥᠯᠥᠵᠦ ᠪᠠᠷᠠᠭᠰᠠᠨ ᠪᠠᠶᠢᠪᠠᠯ᠂ ᠵᠣᠭᠤᠰ ᠵᠢᠭᠡᠯᠡᠭᠴᠢ ᠳᠤ ᠪᠤᠴᠠᠭᠠᠵᠤ ᠥᠭᠬᠦ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号