ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠶᠠᠭᠤ ᠶᠠᠭᠤ ᠪᠠᠶᠢᠳᠠᠭ ᠪᠤᠢ︖ ᠬᠡᠨ ᠣᠷᠣᠯᠴᠠᠵᠤ ᠪᠣᠯᠬᠤ ᠪᠤᠢ︖
ᠨᠡᠶᠢᠲᠡᠯᠡᠭᠰᠡᠨ ᠴᠠᠭ᠄
2024/5/6
   ᠨᠥᠬᠦᠴᠡᠯ ᠳᠤ ᠨᠡᠶᠢᠴᠡᠬᠦ ᠬᠥᠮᠥᠰ ᠠᠵᠢᠯ ᠣᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠲᠥᠷᠥᠯ ᠵᠦᠢᠯ ᠤᠨ ᠳᠦᠷᠢᠮ ᠤᠨ ᠪᠣᠯᠪᠠᠰᠤᠷᠠᠭᠤᠯᠤᠯ ᠳᠤ ᠣᠷᠣᠯᠴᠠᠪᠠᠯ᠂ ᠴᠥᠮ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠃ ᠬᠥᠳᠡᠭᠡ ᠲᠣᠰᠬᠤᠨ ᠤ ᠰᠢᠯᠵᠢᠵᠦ ᠠᠵᠢᠯ ᠣᠯᠣᠭᠰᠠᠨ ᠬᠥᠳᠡᠯᠮᠦᠷᠢᠴᠢᠳ᠂ ᠬᠤᠲᠠ ᠬᠥᠳᠡᠭᠡ ᠳᠤ ᠦᠷᠭᠦᠯᠵᠢᠯᠡᠨ ᠳᠡᠭᠡᠭᠰᠢᠯᠡᠭᠰᠡᠨ ᠦᠭᠡᠢ ᠲᠤᠰ ᠬᠤᠭᠤᠴᠠᠭᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠠᠵᠢᠯ ᠠᠯᠳᠠᠭᠰᠠᠳ᠂ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠤᠷᠤᠭᠴᠢ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠢᠴᠢ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠶᠢᠨ ᠦᠷ᠎ᠡ ᠬᠡᠦᠬᠡᠳ ︵ᠳᠣᠷᠣᠭᠰᠢ ᠲᠠᠪᠤᠨ ᠲᠥᠷᠥᠯ ᠤᠨ ᠬᠥᠮᠥᠰ ᠭᠡᠵᠦ ᠲᠣᠪᠴᠢᠯᠠᠨ᠎ᠠ︶᠂ ᠵᠢᠴᠢ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ︵ᠠᠵᠤ ᠠᠬᠤᠶᠢᠯᠠᠯ ᠤᠨ ᠰᠢᠨ᠎ᠡ ᠪᠠᠷ ᠡᠯᠰᠡᠭᠰᠡᠨ ᠲᠠᠪᠤᠨ ᠲᠥᠷᠥᠯ ᠤᠨ ᠠᠵᠢᠯᠲᠠᠨ᠂ ᠠᠵᠤ ᠠᠬᠤᠶᠢᠯᠠᠯ ᠯᠤᠭ᠎ᠠ 1 ᠵᠢᠯ ᠠᠴᠠ ᠳᠡᠭᠡᠭᠰᠢ ᠬᠤᠭᠤᠴᠠᠭ᠎ᠠ ᠲᠠᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠬᠥᠳᠡᠯᠮᠦᠷᠢ ᠶᠢᠨ ᠭᠡᠷ᠎ᠡ ᠲᠣᠭᠲᠠᠭᠰᠠᠨ ᠡᠳᠦᠷ ᠠᠴᠠ ᠡᠬᠢᠯᠡᠨ 1 ᠵᠢᠯ ᠤᠨ ᠳᠣᠲᠣᠷ᠎ᠠ ᠠᠵᠤ ᠠᠬᠤᠶᠢᠯᠠᠯ ᠠᠴᠠ ᠬᠠᠷᠢᠶᠠᠯᠠᠭᠳᠠᠬᠤ ᠪᠣᠯᠪᠠᠰᠤᠷᠠᠯ ᠤᠨ ᠪᠠᠶᠢᠭᠤᠯᠤᠮᠵᠢ ᠪᠤᠶᠤ ᠵᠠᠰᠠᠭ ᠤᠨ ᠣᠷᠳᠣᠨ ᠠᠴᠠ ᠲᠣᠭᠲᠠᠭᠠᠭᠰᠠᠨ ᠪᠣᠯᠪᠠᠰᠤᠷᠠᠯ ᠤᠨ ᠪᠠᠶᠢᠭᠤᠯᠤᠮᠵᠢ ᠳᠤ ᠲᠦᠰᠢᠭᠯᠡᠨ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠬᠦ ᠳᠤ ᠣᠷᠣᠯᠴᠠᠭᠰᠠᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠳᠦᠷᠢᠮ ᠤᠨ ᠪᠣᠯᠪᠠᠰᠤᠷᠠᠯ᠂ ᠮᠠᠰᠲ᠋ᠧᠷ ᠤᠨ ᠪᠣᠯᠪᠠᠰᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ︶ ᠡᠭᠦᠨ ᠳᠤ ᠣᠷᠣᠯᠴᠠᠵᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号