ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠵᠢᠴᠢ ᠠᠵᠢᠯ ᠠᠯᠳᠠᠯᠲᠠ ᠶᠢᠨ ᠨᠥᠬᠦᠪᠦᠷᠢ ᠮᠥᠩᠭᠦ ᠶᠢ ᠭᠦᠢᠴᠡᠳᠬᠡᠬᠦ ᠵᠢᠭᠠᠯᠲᠠ
ᠨᠡᠶᠢᠲᠡᠯᠡᠭᠰᠡᠨ ᠴᠠᠭ᠄
2024/5/6
   ᠠᠵᠢᠯ ᠠᠯᠳᠠᠯᠲᠠ ᠶᠢᠨ ᠨᠥᠬᠦᠪᠦᠷᠢ ᠮᠥᠩᠭᠦ ᠶᠢ ᠭᠦᠢᠴᠡᠳᠬᠡᠬᠦ ᠵᠢᠭᠠᠯᠲᠠ ︵ᠨᠢᠭᠡ︶ ᠭᠤᠶᠤᠴᠢᠯᠠᠨ ᠠᠪᠬᠤ ᠨᠥᠬᠦᠴᠡᠯ 2022 ᠣᠨ ᠳᠤ ᠨᠥᠬᠦᠴᠡᠯ ᠳᠤ ᠨᠡᠶᠢᠴᠡᠬᠦ ᠪᠣᠯᠪᠠᠴᠤ ᠭᠤᠶᠤᠴᠢᠯᠠᠨ ᠠᠪᠤᠭᠰᠠᠨ ᠦᠭᠡᠢ ᠠᠵᠢᠯ ᠠᠯᠳᠠᠭᠰᠠᠳ᠂ 2023 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠰᠢᠨ᠎ᠡ ᠪᠠᠷ ᠨᠡᠮᠡᠭᠳᠡᠭᠰᠡᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ ᠨᠡᠶᠢᠴᠡᠬᠦ ᠦᠭᠡᠢ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠪᠠ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠮᠥᠨ ᠠᠵᠢᠯ ᠣᠯᠣᠭᠠᠳᠤᠢ ᠠᠵᠢᠯ ᠠᠯᠳᠠᠭᠰᠠᠳ ᠠᠵᠢᠯ ᠠᠯᠳᠠᠯᠲᠠ ᠶᠢᠨ ᠨᠥᠬᠦᠪᠦᠷᠢ ᠮᠥᠩᠭᠦ ᠶᠢ ᠦᠷᠭᠦᠯᠵᠢᠯᠡᠨ ᠭᠤᠶᠤᠴᠢᠯᠠᠨ ᠠᠪᠴᠤ ᠪᠣᠯᠣᠨ᠎ᠠ᠂ ᠭᠥᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ ᠶᠢ 2023 ᠣᠨ ᠤ 3 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ ᠤᠷᠲᠤᠳᠬᠠᠨ᠎ᠠ᠃ ︵ᠬᠤᠶᠠᠷ︶ ᠭᠤᠶᠤᠴᠢᠯᠠᠨ ᠠᠪᠬᠤ ᠠᠷᠭ᠎ᠠ ᠮᠠᠶ᠋ᠢᠭ 1. ᠠᠵᠢᠯ ᠠᠯᠳᠠᠭᠰᠠᠳ ᠪᠡᠶ᠎ᠡ ᠶᠢᠨ ᠦᠨᠡᠮᠯᠡᠯ ᠪᠤᠶᠤ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠯᠠᠩᠭᠦᠢ ᠶᠢᠨ ᠠᠵᠢᠯᠲᠠᠨ ᠤ ᠴᠣᠩᠬᠤᠨ ᠳᠤ ᠬᠦᠷᠴᠦ ᠭᠤᠶᠤᠴᠢᠯᠠᠨ ᠠᠪᠴᠤ ᠪᠣᠯᠣᠨ᠎ᠠ︔ 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠰᠦᠯᠵᠢᠶ᠎ᠡ ︵http://rst.nmg.gov. cn/nmrsw/︶ ᠶᠢᠨ ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠳᠠᠬᠢ ᠬᠤᠪᠢ ᠬᠥᠮᠥᠨ ᠤ ᠬᠡᠷᠡᠭ ᠡᠷᠭᠢᠯᠡᠬᠦ ᠲᠤᠰᠬᠠᠢ ᠪᠤᠯᠤᠩ ᠢᠶᠠᠷ ᠳᠠᠮᠵᠢᠭᠤᠯᠤᠨ ᠭᠤᠶᠤᠴᠢᠯᠠᠨ ᠠᠪᠤᠨ᠎ᠠ︔ 3. ᠤᠯᠤᠰ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ︵http://si.12333.gov. cn︶ ᠤᠨ ᠬᠠᠷᠠᠭᠠᠯᠵᠠᠯ ᠭᠤᠶᠤᠴᠢᠯᠠᠬᠤ ᠲᠤᠰᠬᠠᠢ ᠪᠤᠯᠤᠩ ᠢᠶᠠᠷ ᠳᠠᠮᠵᠢᠭᠤᠯᠤᠨ ᠭᠤᠶᠤᠴᠢᠯᠠᠨ᠎ᠠ︔ 4. ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠭᠠᠷ ᠤᠲᠠᠰᠤᠨ ᠤ APP ᠂ ᠥᠪᠥᠷ ᠮᠣᠩᠭᠤᠯ ᠤᠨ ᠲᠦᠷᠭᠡᠨ ᠳᠠᠪᠬᠢᠬᠤ ᠠᠯᠪᠠᠨ ᠭᠡᠷ ᠤᠨ ᠭᠠᠷ ᠤᠲᠠᠰᠤᠨ ᠤ APP  ᠪᠠᠷ ᠳᠠᠮᠵᠢᠭᠤᠯᠤᠨ ᠭᠤᠶᠤᠴᠢᠯᠠᠨ ᠠᠪᠤᠨ᠎ᠠ︔ 5. ᠲᠣᠭᠠᠴᠠᠭ᠎ᠠ ᠡᠷᠳᠡᠨᠢ᠂ ᠭᠠᠷ ᠤᠲᠠᠰᠤᠨ ᠤ ᠸᠢᠴᠠᠲ ᠤᠨ ᠡᠯᠧᠺᠳ᠋ᠷᠣᠨ ᠨᠡᠶᠢᠭᠡᠮ ᠤᠨ ᠳᠠᠭᠠᠳᠬᠠᠯ ᠤᠨ ᠺᠠᠷᠲ ᠤᠨ ᠦᠢᠯᠡᠴᠢᠯᠡᠭᠡ ᠪᠠᠷ ᠳᠠᠮᠵᠢᠭᠤᠯᠤᠨ ᠭᠤᠶᠤᠴᠢᠯᠠᠨ ᠠᠪᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号