ᠮᠠᠨ ᠤ ᠤᠷᠤᠨ ᠳᠤ 4 ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠤᠷᠬᠢ ᠶᠢᠨ ᠲᠦᠷᠦᠯ ᠵᠦᠢᠯ ᠨᠡᠮᠡᠭᠳᠡᠪᠡ
ᠨᠡᠶᠢᠲᠡᠯᠡᠭᠰᠡᠨ ᠴᠠᠭ᠄
2024/5/6
   ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠤᠶᠢᠯᠠᠭᠠᠬᠰᠠᠨ ᠢᠶᠠᠷ᠂ ᠲᠤᠰ ᠲᠤᠪᠴᠢᠶ᠎ᠡ ᠶᠢᠨ ᠬᠢᠨ ᠤᠶᠢᠷ᠎ᠠ ᠶᠢᠨ ᠡᠳᠦᠷ ᠶᠡᠷᠦᠩᠬᠡᠢ ᠮᠠᠰᠢᠨ ᠴᠤᠬᠴᠠᠯᠠᠪᠤᠷᠢ ᠶᠢᠨ ᠬᠡᠪᠴᠢᠶ᠎ᠡ ᠨᠢ 102 ᠲᠦᠮᠡᠨ ᠺᠢᠯᠣᠸᠠᠲ ᠬᠦᠷᠬᠦ 4 ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠵᠥᠪᠰᠢᠶᠡᠷᠡᠵᠠᠢ᠃   ᠡᠭᠦᠨ ᠳᠤ᠂ ᠤᠯᠠᠭᠠᠨᠴᠠᠪ ᠤᠨ ᠵᠦᠩ ᠶᠢᠨ ᠳ᠋ᠠᠶᠢᠲ᠋ᠠ ᠶᠢᠨ ᠪᠠᠭ᠎ᠠ ᠨᠡᠭᠦᠷᠡᠰᠦᠲᠥ᠋ᠷᠥᠭᠴᠢᠲᠦ ᠶᠢᠨ ᠪᠤᠳᠤᠯᠳᠠ ᠶᠢᠨ ᠬᠦᠴᠦᠨ ᠤ ᠰᠠᠭᠤᠷᠢᠨ ᠤ ︽ᠡᠨᠤᠷᠬᠢ ᠲᠣᠤᠷ ᠳ᠋ᠠᠭᠠᠭᠠᠴᠠ ᠨᠦᠭᠡᠴᠡ︾ ᠶᠢ ᠨᠢᠭᠡ ᠴᠤᠭᠴᠠᠵᠢᠭᠤᠯᠬᠤ ᠲᠥᠷᠥᠯ ᠵᠦᠢᠯ ᠠᠴᠠ 30 ᠲᠦᠮᠡᠨ ᠺᠢᠯᠣᠸᠠᠲ ᠰᠢᠨ᠎ᠡ ᠡᠨᠧᠷᠭᠢ ᠶᠢᠨ ᠮᠠᠰᠢᠨ ᠴᠤᠬᠴᠠᠯᠠᠪᠤᠷᠢ ᠶᠢ ᠵᠠᠬ᠎ᠠ ᠳᠡᠯᠭᠡᠭᠦᠷᠴᠢᠯᠡᠨ ᠲᠣᠤᠷ ᠲᠤ ᠨᠡᠶᠢᠯᠡᠭᠦᠯᠬᠦ ᠪᠠᠷ ᠳᠣᠭᠢᠷᠠᠭᠤᠯᠪᠠ᠂ ᠡᠭᠦᠨ ᠳᠤ ᠰᠠᠯᠬᠢᠨ ᠬᠦᠴᠦᠨ ᠤ ᠴᠠᠬᠢᠯᠭᠠᠨ ᠤ 20 ᠲᠦᠮᠡᠨ ᠺᠢᠯᠣᠸᠠᠲ᠂ ᠬᠡᠷᠡᠯᠴᠢ ᠴᠡᠨᠡᠭ ᠤᠨ 10 ᠲᠦᠮᠡᠨ ᠺᠢᠯᠣᠸᠠᠲ ᠪᠠᠭᠳᠠᠨ᠎ᠠ᠃ ᠰᠢᠯᠢ ᠶᠢᠨ ᠭᠤᠤᠯ ᠠᠶᠢᠮᠠᠭ ᠤᠨ ᠴᠤᠩ ᠵᠢᠶᠤ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠮᠢᠩᠭᠠᠳᠤ ᠠᠵᠤ ᠦᠢᠯᠡᠰ ᠤᠨ ᠬᠦᠷᠢᠶᠡᠯᠡᠩ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠨᠢ 10 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠤᠬᠴᠠᠯᠠᠪᠤᠷᠢ ᠶᠢ ᠵᠠᠬ᠎ᠠ ᠳᠡᠯᠭᠡᠭᠦᠷᠴᠢᠯᠡᠨ ᠲᠣᠤᠷ ᠲᠤ ᠨᠡᠶᠢᠯᠡᠭᠦᠯᠬᠦ ᠪᠠᠷ ᠳᠣᠭᠢᠷᠠᠭᠤᠯᠪᠠ᠂ ᠡᠨᠡ ᠨᠢ ᠪᠦᠬᠦᠨ ᠢᠶᠠᠷ ᠢᠶᠠᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ ᠪᠤᠯᠤᠨ᠎ᠠ᠃ ᠰᠢᠯᠢ ᠶᠢᠨ ᠭᠤᠤᠯ ᠠᠶᠢᠮᠠᠭ ᠤᠨ ᠴᠤᠩ ᠵᠢᠶᠤ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠮᠢᠩᠭᠠᠳᠤ ᠠᠵᠤ ᠦᠢᠯᠡᠰ ᠤᠨ ᠬᠦᠷᠢᠶᠡᠯᠡᠩ ᠤᠨ ᠭᠧ ᠮᠤᠩ ᠨᠦᠤᠤ ᠶᠢᠨ ᠰᠢᠨ᠎ᠡ ᠡᠨᠧᠷᠭᠢ ᠶᠢᠨ ᠺᠣᠮᠫᠠᠨᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠨᠢ 27 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠤᠬᠴᠠᠯᠠᠪᠤᠷᠢ ᠶᠢ ᠵᠠᠬ᠎ᠠ ᠳᠡᠯᠭᠡᠭᠦᠷᠴᠢᠯᠡᠨ ᠲᠣᠤᠷ ᠲᠤ ᠨᠡᠶᠢᠯᠡᠭᠦᠯᠬᠦ ᠪᠠᠷ ᠳᠣᠭᠢᠷᠠᠭᠤᠯᠪᠠ᠂ ᠡᠨᠡ ᠨᠢ ᠪᠦᠬᠦᠨ ᠢᠶᠠᠷ ᠢᠶᠠᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ ᠪᠤᠯᠤᠨ᠎ᠠ᠃ ᠮᠢᠩ ᠶᠠᠩ ᠪᠤᠭᠤᠲᠤ ᠬᠤᠲᠠ ᠶᠢᠨ ᠰᠢᠭᠤᠶᠢᠳᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ 350WM ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠨᠢ 35 ᠲᠦᠮᠡᠨ ᠺᠢᠯᠣᠸᠠᠲ ᠰᠢᠨ᠎ᠡ ᠡᠨᠧᠷᠭᠢ ᠶᠢᠨ ᠮᠠᠰᠢᠨ ᠴᠤᠬᠴᠠᠯᠠᠪᠤᠷᠢ ᠶᠢ ᠵᠠᠬ᠎ᠠ ᠳᠡᠯᠭᠡᠭᠦᠷᠴᠢᠯᠡᠨ ᠲᠣᠤᠷ ᠲᠤ ᠨᠡᠶᠢᠯᠡᠭᠦᠯᠬᠦ ᠪᠠᠷ ᠳᠣᠭᠢᠷᠠᠭᠤᠯᠪᠠ᠂ ᠡᠭᠦᠨ ᠳᠤ ᠰᠠᠯᠬᠢᠨ ᠬᠦᠴᠦᠨ ᠤ ᠴᠠᠬᠢᠯᠭᠠᠨ ᠤ 15 ᠲᠦᠮᠡᠨ ᠺᠢᠯᠣᠸᠠᠲ᠂ ᠬᠡᠷᠡᠯᠴᠢ ᠴᠡᠨᠡᠭ ᠤᠨ 20 ᠲᠦᠮᠡᠨ ᠺᠢᠯᠣᠸᠠᠲ ᠪᠠᠭᠳᠠᠨ᠎ᠠ᠃   ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠬᠦ ᠪᠠ ᠥᠨᠳᠥᠷ ᠬᠠᠷᠢᠴᠠᠯ ᠢᠶᠠᠷ ᠬᠡᠷᠡᠭᠯᠡᠬᠦ ᠶᠢ ᠠᠬᠢᠭᠤᠯᠬᠤ ᠶᠢᠨ ᠲᠥᠯᠥᠭᠡ᠂ ᠮᠠᠨ ᠤ ᠤᠷᠤᠨ ᠪᠦᠬᠦ ᠤᠯᠤᠰ ᠲᠤ ᠲᠦᠷᠦᠭᠦᠯᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ 6 ᠲᠦᠷᠦᠯ ᠤᠨ ᠰᠢᠨ᠎ᠡ ᠡᠨᠧᠷᠭᠢ ᠶᠢ ᠵᠠᠬ᠎ᠠ ᠳᠡᠯᠭᠡᠭᠦᠷᠴᠢᠯᠡᠨ ᠰᠢᠩᠭᠡᠭᠡᠬᠦ ᠵᠠᠭᠪᠤᠷ ᠢ ᠰᠢᠨ᠎ᠡ ᠪᠠᠷ ᠡᠭᠦᠳᠴᠦ᠂ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠦᠴᠦᠨ ᠤ ᠳᠠᠭᠠᠭᠠᠴᠠ ᠳᠤ ᠵᠣᠬᠢᠬᠤ ᠬᠡᠪᠴᠢᠶᠡᠨ ᠤ ᠰᠢᠨ᠎ᠡ ᠡᠨᠧᠷᠭᠢ ᠶᠢ ᠲᠣᠬᠢᠷᠠᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠦᠪᠡᠰᠤᠪᠠᠨ ᠭᠠᠷᠭᠠᠵᠤ ᠦᠪᠡᠰᠤᠪᠠᠨ ᠬᠡᠷᠡᠭᠯᠡᠬᠦ ᠪᠠ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠂ ᠡᠨᠧᠷᠭᠢ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠬᠤ ᠶᠢ ᠪᠡᠶᠡᠯᠡᠭᠦᠯᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号