ᠮᠠᠨ ᠤ ᠤᠷᠤᠨ ᠠᠩᠬᠠᠨ ᠤ ᠪᠦᠯᠦᠭ ᠤᠨ 30 ᠲᠦᠮᠡᠨ ᠯᠤᠤ ᠰᠠᠮ ᠤᠨ ᠠᠪᠠᠭᠠᠯᠳᠠᠢ ᠶᠢ ᠤᠰᠤᠨ ᠳᠤ ᠳᠠᠯᠪᠢᠵᠠᠢ
ᠨᠡᠶᠢᠲᠡᠯᠡᠭᠰᠡᠨ ᠴᠠᠭ᠄
2024/5/6
   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠤᠶᠢᠷ᠎ᠠ ᠳᠤ ᠮᠠᠨ ᠤ ᠤᠷᠤᠨ ᠠᠩᠬᠠᠨ ᠤ ᠪᠦᠯᠦᠭ ᠤᠨ 30 ᠲᠦᠮᠡᠨ ᠯᠤᠤ ᠰᠠᠮ ︵ᠪᠠᠰᠠ ᠯᠤᠤ ᠰᠠᠮ ᠬᠤᠷᠤᠬᠠᠢ ᠬᠡᠳᠡᠭ︶ ᠤᠨ ᠠᠪᠠᠭᠠᠯᠳᠠᠢ ᠶᠢ ᠠᠮᠵᠢᠯᠲᠠ ᠲᠠᠢ ᠪᠠᠷ ᠤᠰᠤᠨ ᠳᠤ ᠳᠠᠯᠪᠢᠪᠠ᠃   ᠯᠤᠤ ᠰᠠᠮ ᠵᠣᠬᠢᠴᠠᠬᠤ ᠴᠢᠨᠠᠷ ᠢᠶᠠᠷ ᠴᠢᠩᠭ᠎ᠠ᠂ ᠦᠷᠡᠵᠢᠬᠦ ᠴᠢᠳᠠᠪᠤᠷᠢ ᠪᠠᠷ ᠰᠠᠶᠢᠨ ᠪᠠᠶᠢᠵᠤ᠂ ᠡᠩ ᠤᠨ ᠤᠰᠤᠨ ᠤ ᠳᠤᠯᠠᠭᠠᠨ ᠳ᠋ᠤ᠋ ᠴᠦᠮ ᠬᠡᠪ ᠤᠨ ᠪᠠᠶᠢᠳᠠᠯ ᠢᠶᠠᠷ ᠦᠷᠡᠵᠢᠵᠤ ᠴᠢᠳᠠᠳᠠᠭ ᠶᠤᠮ᠂ ᠲᠡᠷᠡ ᠨᠢ ᠨᠢᠬᠡᠨᠳᠡ ᠮᠠᠨ ᠤ ᠤᠯᠤᠰ ᠤᠨ ᠴᠢᠬᠤᠯᠠ ᠠᠵᠤ ᠠᠬᠤᠢ ᠶᠢᠨ ᠲᠡᠵᠢᠭᠡᠪᠦᠷᠢ ᠶᠢᠨ ᠡᠭᠦᠯᠳᠡᠷ ᠪᠤᠯᠪᠠ᠃ ᠲᠤᠰ ᠤᠳᠠᠭ᠎ᠠ ᠯᠤᠤ ᠰᠠᠮ ᠤᠨ ᠠᠪᠠᠭᠠᠯᠳᠠᠢ ᠶᠢ ᠤᠰᠤᠨ ᠳᠤ ᠳᠠᠯᠪᠢᠬᠤ ᠠᠴᠠ ᠡᠮᠦᠨ᠎ᠡ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠮᠡᠷᠭᠡᠵᠢᠯ ᠤᠨ ᠠᠵᠢᠯᠳᠠᠳ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠭᠦᠢᠴᠡᠳ ᠬᠢᠵᠦ᠂ ᠨᠠᠭᠤᠷ ᠴᠥᠭᠦᠷᠥᠮ ᠢ ᠲᠦᠢᠯᠪᠤᠷᠢᠲᠠᠢ ᠠᠷᠢᠭᠤᠳᠬᠠᠨ᠂ ᠨᠠᠭᠤᠷ ᠳᠣᠲᠣᠷᠠᠬᠢ ᠡᠯᠳᠡᠪ ᠵᠢᠭᠠᠰᠤ ᠵᠡᠷᠭᠡ ᠳᠠᠶᠢᠰᠤᠩᠨᠠᠭᠴᠢ ᠠᠮᠢᠳᠤ ᠪᠣᠳᠠᠰ ᠢ ᠴᠡᠪᠡᠷᠯᠡᠨ ᠠᠷᠢᠯᠭᠠᠬᠤ ᠶᠢᠨ ᠬᠠᠮᠲᠤ ᠵᠠᠮᠠᠭ ᠵᠡᠷᠭᠡ ᠤᠰᠤᠨ ᠤ ᠡᠪᠡᠰᠦ ᠲᠠᠷᠢᠵᠤ᠂ ᠯᠤᠤ ᠰᠠᠮ ᠤᠨ ᠣᠷᠣᠩᠨᠠᠬᠤ ᠤᠷᠴᠢᠨ ᠪᠠ ᠨᠢᠭᠤᠨ ᠳᠠᠯᠳᠠᠯᠠᠬᠤ ᠳᠤ ᠲᠠᠯᠠᠪᠤᠷ ᠬᠠᠩᠭᠠᠵᠠᠢ᠃   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠠᠴᠠ ᠮᠡᠷᠭᠡᠵᠢᠯ ᠤᠨ ᠠᠵᠢᠯᠳᠠᠨ ᠤ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠵᠠᠯᠭᠠᠭ᠎ᠠ ᠪᠠᠷ ᠵᠢᠱᠢᠶ᠎ᠠ ᠦᠵᠡᠭᠦᠯᠬᠦ ᠴᠡᠭ ᠲᠤ ᠣᠴᠢᠭᠤᠯᠵᠤ᠂ ᠯᠤᠤ ᠰᠠᠮ ᠤᠨ ᠠᠪᠠᠭᠠᠯᠳᠠᠢ ᠶᠢᠨ ᠡᠳᠦᠷ ᠳᠣᠳᠣᠮ ᠤᠨ ᠲᠡᠵᠢᠭᠡᠯᠬᠡ ᠪᠠ ᠤᠰᠤᠨ ᠤ ᠴᠢᠨᠠᠷ ᠢ ᠲᠣᠬᠢᠷᠠᠭᠤᠯᠤᠨ ᠡᠵᠡᠮᠳᠡᠬᠦ ᠵᠡᠷᠭᠡ ᠲᠠᠯ᠎ᠠ ᠪᠠᠷ ᠮᠡᠷᠭᠡᠵᠢᠯ ᠤᠨ ᠵᠢᠯᠣᠭᠤᠳᠤᠯᠭ᠎ᠠ ᠦᠷᠨᠢᠬᠦᠯᠵᠤ ᠪᠠᠶᠢᠨ᠎ᠠ᠃ ᠲᠡᠳᠡ ᠪᠠᠰᠠ ᠯᠤᠤ ᠰᠠᠮ ᠢ ᠬᠥᠮᠦᠨ ᠦ ᠬᠦᠴᠦ ᠪᠠᠷ ᠪᠤᠶᠢᠵᠢᠭᠤᠯᠬᠤ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠳᠤᠯᠭᠠᠨ ᠢ ᠢᠳᠡᠪᠬᠢᠲᠡᠢ ᠠᠬᠢᠭᠤᠯᠬᠤ ᠶᠢᠨ ᠬᠠᠮᠲᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠤᠷᠰᠢᠯᠲᠠ ᠶᠢ ᠵᠢᠱᠢᠶ᠎ᠠ ᠦᠵᠡᠭᠦᠯᠤᠨ ᠳᠡᠯᠭᠡᠷᠡᠭᠦᠯᠵᠦ᠂ ᠯᠤᠤ ᠰᠠᠮ ᠤᠨ ᠲᠡᠵᠢᠭᠡᠬᠦ ᠬᠡᠪᠴᠢᠶᠡᠵᠢᠯᠲᠡ ᠪᠠ ᠠᠵᠤ ᠦᠢᠯᠡᠰᠵᠢᠯᠲᠡ ᠶᠢᠨ ᠠᠬᠢᠴᠠ ᠶᠢ ᠲᠦᠷᠭᠡᠳᠭᠡᠨ ᠠᠬᠢᠭᠤᠯᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号