2 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ︽ᠥᠨᠳᠡᠭᠡᠨ ᠡᠰ ᠠᠪᠬᠤ ᠮᠡᠷᠭᠡᠵᠢᠯ︾ ᠵᠡᠷᠭᠡ | ᠦᠷᠡᠵᠢᠯ ᠤᠨ ᠲᠥᠷᠥᠯ ᠤᠨ ᠡᠮᠴᠢᠯᠡᠭᠡᠨ ᠤ ᠵᠦᠢᠯᠡᠰ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ | ᠮᠠᠨ ᠤ ᠣᠷᠣᠨ ᠤ ᠦᠷᠡᠵᠢᠯ ᠢ ᠲᠤᠰᠠᠯᠠᠬᠤ ᠡᠮᠴᠢᠯᠡᠭᠡ ᠡᠮ ᠡᠮᠨᠡᠯᠭᠡ ᠶᠢᠨ ᠳᠠᠭᠠᠳᠬᠠᠯ ᠳᠤ ᠣᠷᠣᠭᠠᠳᠤᠢ ᠪᠠᠶᠢᠭᠰᠠᠨ ᠢ | ᠨᠥᠬᠦᠪᠦᠷᠢᠯᠡᠪᠡ᠃ ᠣᠶᠢᠯᠠᠭᠠᠭᠰᠠᠨ ᠢᠶᠠᠷ᠂ ᠮᠠᠨ ᠤ ᠣᠷᠣᠨ ᠤᠤᠯ ᠤᠨ 37 ᠵᠦᠢᠯ ᠤᠨ ᠦᠷᠡᠵᠢᠯ ᠢ ᠲᠤᠰᠠᠯᠠᠬᠤ | ᠡᠮᠴᠢᠯᠡᠭᠡᠨ ᠤ ᠦᠢᠯᠡᠴᠢᠯᠡᠭᠡ ᠶᠢ 12 ᠵᠦᠢᠯ ᠪᠣᠯᠭᠠᠨ ᠡᠮᠬᠢᠯᠡᠨ ᠨᠡᠶᠢᠯᠡᠭᠦᠯᠵᠦ᠂ ᠦᠨ᠎ᠡ ᠲᠣᠭᠲᠠᠭᠠᠬᠤ ᠵᠠᠭᠪᠤᠷ ᠢ | ᠡᠮᠴᠢᠯᠡᠭᠡᠨ ᠤ ᠪᠠᠶᠢᠭᠤᠯᠤᠮᠵᠢ ᠥᠪᠡᠰᠦᠪᠡᠨ ᠦᠨ᠎ᠡ ᠲᠣᠭᠲᠠᠭᠠᠵᠤ ᠪᠠᠶᠢᠭᠰᠠᠨ ᠠᠴᠠ ᠵᠠᠰᠠᠭ ᠤᠨ ᠣᠷᠳᠣᠨ ᠤ | ᠵᠢᠯᠤᠭᠤᠳᠬᠤ ᠦᠨ᠎ᠡ ᠪᠣᠯᠭᠠᠨ ᠬᠤᠪᠢᠷᠠᠭᠤᠯᠵᠤ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠦᠨ᠎ᠡ ᠬᠠᠩᠰᠢ ᠨᠢ | ᠳᠤᠮᠳᠠᠴᠢ ᠪᠠᠷ 20% ᠪᠠᠷ ᠪᠠᠭᠤᠷᠠᠪᠠ᠂ ᠵᠢᠱᠢᠶᠡᠯᠡᠪᠡᠯ ᠲᠣᠬᠢᠷᠠᠭᠤᠯᠤᠯᠲᠠ ᠬᠢᠬᠦ ᠠᠴᠠ ᠡᠮᠦᠨ᠎ᠡ ︽ᠭᠦᠪᠦᠷᠡᠯ | ᠪᠤᠶᠢᠵᠢᠭᠤᠯᠬᠤ︾ ᠡᠮᠴᠢᠯᠡᠭᠡ ᠶᠢᠨ ᠬᠠᠮᠤᠭ ᠤᠨ ᠥᠨᠳᠥᠷ ᠦᠨ᠎ᠡ ᠨᠢ 12500 ᠲᠥᠭᠦᠷᠢᠭ ᠪᠠᠶᠢᠭᠰᠠᠨ ᠪᠣᠯ᠂ | ᠲᠣᠬᠢᠷᠠᠭᠤᠯᠤᠯᠲᠠ ᠬᠢᠭᠰᠡᠨ ᠤ ᠳᠠᠷᠠᠭ᠎ᠠ 4200 ᠲᠥᠭᠦᠷᠢᠭ ᠪᠣᠯᠵᠤ᠂ ᠪᠠᠭᠤᠷᠠᠯᠲᠠ ᠶᠢᠨ ᠬᠡᠮᠵᠢᠶ᠎ᠡ ᠨᠢ 66. | 4% ᠳᠤ ᠬᠦᠷᠴᠡᠢ᠃ ᠮᠠᠨ ᠤ ᠣᠷᠣᠨ ᠦᠨ᠎ᠡ ᠬᠠᠩᠰᠢ ᠶᠢ ᠶᠡᠭᠡ ᠪᠠᠷ ᠪᠠᠭᠤᠷᠠᠭᠤᠯᠤᠭᠰᠠᠨ ᠤ ᠰᠠᠭᠤᠷᠢᠨ ᠳᠡᠭᠡᠷ᠎ᠡ᠂ | ᠥᠨᠳᠡᠭᠡᠨ ᠡᠰ ᠠᠪᠬᠤ ᠮᠡᠷᠭᠡᠵᠢᠯ᠂ ᠭᠦᠪᠦᠷᠡᠯ ᠪᠤᠶᠢᠵᠢᠭᠤᠯᠬᠤ ᠮᠡᠷᠭᠡᠵᠢᠯ ᠵᠡᠷᠭᠡ ᠦᠷᠡᠵᠢᠯ ᠢ ᠲᠤᠰᠠᠯᠠᠬᠤ | ᠡᠮᠴᠢᠯᠡᠭᠡᠨ ᠤ ᠦᠢᠯᠡᠴᠢᠯᠡᠭᠡ ᠶᠢᠨ 8 ᠲᠥᠷᠥᠯ ᠵᠦᠢᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠪᠠ᠃ ᠲᠣᠰ ᠤᠳᠠᠭ᠎ᠠ ᠲᠠᠩᠰᠠ ᠲᠠᠶᠢᠯᠬᠤ ᠬᠡᠪᠴᠢᠶᠡᠨ ᠳᠤ | ᠣᠷᠣᠭᠤᠯᠤᠭᠰᠠᠨ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠢ ᠡᠭᠦᠳᠡᠨ ᠡᠮᠨᠡᠯᠭᠡ ᠳᠤ ᠲᠤᠰᠠᠭᠠᠷ | ᠲᠣᠭᠠᠴᠠᠭ᠎ᠠ ᠬᠢᠵᠦ᠂ ᠡᠬᠢᠯᠡᠵᠦ ᠪᠤᠳᠤᠬᠤ ᠱᠤᠭᠤᠮ ᠭᠠᠷᠭᠠᠬᠤ ᠦᠭᠡᠢ᠂ ᠠᠵᠢᠯᠲᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ︽ᠢᠯᠡᠭᠦᠦ ᠲᠤᠰᠢᠶᠠᠪᠠᠯ ᠢᠯᠡᠭᠦᠦ ᠣᠯᠬᠤ︾ ᠳᠦᠷᠢᠮ ᠢ ᠦᠨᠳᠦᠰᠦᠯᠡᠪᠡᠯ᠂ ᠲᠠᠩᠰᠠ ᠲᠠᠶᠢᠯᠬᠤ | ᠬᠠᠷᠢᠴᠠᠯ ᠨᠢ ᠲᠣᠰ ᠲᠣᠰ 70% ᠪᠠ 50% ᠪᠣᠯᠣᠨ᠎ᠠ᠃ ᠲᠥᠰᠥᠭᠡᠯᠡᠨ ᠪᠤᠳᠤᠬᠰᠠᠨ ᠢᠶᠠᠷ᠂ ᠡᠳᠡᠭᠡᠷ ᠵᠦᠢᠯ ᠢ | ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠤᠭᠰᠠᠨ ᠢᠶᠠᠷ ᠪᠦᠭᠦ ᠣᠷᠣᠨ ᠳᠤ ᠵᠢᠯ ᠪᠦᠷᠢ 7000 ᠣᠷᠴᠢᠮ ᠭᠡᠷ | ᠪᠦᠯᠢ ᠠᠰᠢᠭ ᠭᠦᠷᠳᠡᠭᠦ ᠪᠣᠯᠣᠨ᠎ᠠ᠃ | |