ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠵᠠᠭᠪᠤᠷ ᠪᠣᠯ ᠪᠡᠯᠴᠢᠭᠡᠷ ᠤᠨ ᠳᠠᠭᠠᠭᠠᠴᠠ ᠶᠢ | ᠦᠨᠳᠦᠰᠦᠯᠡᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠡᠪᠡᠰᠦ ᠪᠡᠯᠴᠢᠭᠡᠷ ᠬᠥᠬᠡᠷᠡᠭᠰᠡᠨ | ᠬᠤᠭᠤᠴᠠᠭᠠᠨ ᠳᠤ ᠪᠡᠯᠴᠢᠭᠡᠷᠯᠡᠭᠦᠯᠵᠦ᠂ ᠡᠪᠡᠰᠦ ᠪᠡᠯᠴᠢᠭᠡᠷ ᠨᠣᠭᠤᠭᠠᠷᠠᠬᠤ ᠪᠠ ᠬᠤᠪᠠᠭ᠋ᠠᠶᠢᠷᠠᠬᠤ ᠬᠤᠭᠤᠴᠠᠭᠠᠨ ᠳᠤ | ᠬᠠᠰᠢᠶᠠᠯᠠᠨ ᠲᠡᠵᠢᠭᠡᠬᠦ ᠨᠢᠭᠡ ᠵᠦᠢᠯ ᠤᠨ ᠲᠡᠵᠢᠭᠡᠪᠦᠷᠢ ᠶᠢᠨ ᠠᠷᠭ᠎ᠠ ᠭᠡᠯᠪᠡᠷᠢ ᠪᠣᠯᠣᠨ᠎ᠠ᠃ ︽ᠡᠨᠡ ᠬᠦ ᠵᠠᠭᠪᠤᠷ ᠨᠢ | ᠪᠡᠯᠴᠢᠭᠡᠷ ᠪᠠᠭᠠᠲᠠᠢ ᠮᠠᠯᠵᠢᠬᠤ ᠣᠷᠣᠨ ᠪᠣᠯᠣᠨ ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠣᠷᠣᠨ ᠳᠤ | ᠲᠣᠬᠢᠷᠠᠵᠤ᠂ ᠪᠠᠶᠢᠭᠠᠯᠢ ᠶᠢᠨ ᠪᠡᠯᠴᠢᠭᠡᠷ ᠢ ᠰᠠᠶᠢᠵᠢᠷᠠᠭᠤᠯᠬᠤ ᠪᠠ ᠡᠪᠡᠰᠦ ᠳᠠᠷᠢᠬᠤ ᠪᠠᠷ ᠳᠠᠮᠵᠢᠨ ᠲᠡᠵᠢᠭᠡᠯ ᠡᠪᠡᠰᠦᠨ ᠤ | ᠤᠨᠠᠯᠲᠠ ᠶᠢ ᠨᠡᠮᠡᠭᠳᠡᠭᠦᠯᠵᠦ᠂ ᠤᠯᠠᠷᠢᠯ ᠤᠨ ᠴᠢᠨᠠᠷᠲᠠᠢ ᠪᠠᠷ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ | ᠲᠡᠵᠢᠭᠡᠬᠦ ᠶᠢ ᠪᠡᠶᠡᠯᠡᠭᠦᠯᠵᠦ ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ | ᠳ᠋ᠦ᠋ ᠵᠧ ᠲᠠᠨᠢᠯᠴᠠᠭᠤᠯᠪᠠ᠃ | ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤ ᠶᠢᠨ ᠬᠤᠸᠠᠩ ᠴᠢ | ᠭᠠᠴᠠᠭ᠎ᠠ ᠨᠡᠶᠢᠳᠡ 24 ᠲᠦᠮᠡᠨ ᠮᠦ ᠪᠡᠯᠴᠢᠭᠡᠷ ᠲᠠᠢ ᠪᠠᠶᠢᠵᠤ᠂ ᠬᠥᠮᠥᠨ ᠳᠤᠮᠳᠠᠴᠢ ᠳᠤ 420 ᠮᠦ ᠯᠡ ᠨᠣᠭᠳᠠᠵᠤ | ᠪᠤᠢ᠂ ᠬᠡᠷᠪᠡ ᠲᠤᠬᠠᠢ ᠶᠢᠨ ᠭᠠᠵᠠᠷ ᠤᠨ ᠬᠢᠨᠠᠨ ᠲᠣᠭᠲᠠᠭᠠᠭᠰᠠᠨ ︽ᠮᠦ ᠪᠦᠷᠢ ᠳᠤ 11.27 ᠬᠤᠨᠢᠨ ᠨᠢᠭᠡᠴᠢ︾ | ᠪᠠᠷ ᠮᠠᠯ ᠤᠨ ᠲᠤᠭ᠎ᠠ ᠶᠢ ᠴᠢᠩᠭ᠎ᠠ ᠬᠢᠵᠠᠭᠠᠷᠯᠠᠬᠤ ᠶᠤᠮ ᠪᠣᠯ ᠮᠠᠯᠴᠢᠨ ᠲᠠᠷᠢᠶᠠᠴᠢᠳ ᠠᠵᠤ ᠲᠦᠷᠦᠵᠤ | ᠠᠮᠢᠳᠤᠷᠠᠯ ᠢᠶᠠᠨ ᠠᠷᠭᠠᠴᠠᠭᠠᠬᠤ ᠳᠤ ᠪᠡᠷᠬᠡᠲᠡᠢ ᠶᠤᠮ᠃ ᠪᠠᠶᠢᠭᠠᠯᠢ ᠶᠢᠨ ᠪᠡᠯᠴᠢᠭᠡᠷ ᠲᠤ ᠲᠦᠰᠢᠭᠯᠡᠨ ᠮᠠᠯ | ᠮᠠᠯᠵᠢᠭᠰᠠᠭᠠᠷ ᠢᠷᠡᠭᠰᠡᠨ ᠤᠯᠠᠮᠵᠢᠯᠠᠯᠲᠤ ᠪᠠᠶᠢᠳᠠᠯ ᠢ ᠬᠤᠪᠢᠷᠠᠭᠤᠯᠬᠤ ᠶᠢᠨ ᠲᠥᠯᠥᠭ᠂ ᠲᠤᠰ ᠭᠠᠴᠠᠭᠠᠨ ᠤ 4 | ᠮᠠᠯᠵᠢᠬᠤ ᠲᠠᠷᠢᠶᠠᠯᠠᠬᠤ ᠡᠷᠦᠭᠡ ᠬᠠᠮᠲᠤ ᠪᠠᠷ 712 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠨ ᠰᠢᠯᠤᠭᠤᠨ | ᠬᠥᠬᠡ ᠬᠤᠰᠢᠭᠤᠨ ᠤ ᠰᠠᠶᠢᠨ ᠮᠠᠯᠴᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠶᠢ ᠪᠠᠶᠢᠭᠤᠯᠵᠤ᠂ ᠮᠠᠯ | ᠤᠨᠤᠭ᠎ᠠ ᠪᠠᠨ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠵᠦ ᠡᠬᠢᠯᠡᠪᠡ᠃ ᠰᠠᠶᠢᠨ ᠮᠠᠯᠴᠢᠨ ᠲᠠᠷᠢᠵᠤ | ᠲᠡᠵᠢᠭᠡᠬᠦ ᠲᠤᠰᠬᠠᠢ ᠬᠤᠷᠰᠢᠶ᠎ᠠ ᠨᠢ ᠡᠩ ᠲᠡᠷᠢᠭᠦᠨ ᠳᠤ 4 ᠭᠡᠰᠢᠭᠦᠨ ᠡᠷᠦᠭᠡ ᠶᠢᠨ 5 ᠲᠦᠮᠡ ᠭᠠᠷᠤᠢ ᠮᠦ | ᠪᠠᠶᠢᠭᠠᠯᠢ ᠶᠢᠨ ᠪᠡᠯᠴᠢᠭᠡᠷ ᠢ ᠨᠡᠶᠢᠳᠬᠡᠨ ᠡᠪᠡᠰᠦ ᠪᠡᠯᠴᠢᠭᠡᠷ ᠬᠥᠬᠡᠷᠡᠭᠰᠡᠨ ᠬᠤᠭᠤᠴᠠᠭᠠᠨ ᠳᠤ ᠪᠡᠯᠴᠢᠭᠡᠷᠯᠡᠭᠦᠯᠦᠨ | ᠮᠠᠯᠵᠢᠵᠤ᠂ ᠪᠠᠰᠠ 8500 ᠮᠦ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠢ ᠠᠰᠢᠭᠯᠠᠨ | ᠵᠢᠯ ᠪᠦᠷᠢ ᠬᠥᠬᠡ ᠳᠠᠷᠤᠰᠢ ᠶᠢᠨ ᠡᠷᠳᠡᠨᠢ ᠰᠢᠰᠢ᠂ ᠬᠢᠶᠠᠭ ᠡᠪᠡᠰᠦ᠂ ᠶᠤᠤᠮᠠᠢ ᠵᠡᠷᠭᠡ ᠥᠨᠳᠥᠷ ᠤᠨᠠᠯᠲᠠ ᠲᠠᠢ ᠰᠥᠯ | ᠰᠠᠶᠢᠲᠠᠢ ᠲᠡᠵᠢᠭᠡᠯ ᠡᠪᠡᠰᠦ ᠪᠣᠷᠳᠤᠭ᠎ᠠ ᠲᠠᠷᠢᠵᠤ᠂ ᠵᠢᠯ ᠤᠨ ᠲᠡᠵᠢᠭᠡᠯ ᠡᠪᠡᠰᠦᠨ ᠤ ᠨᠥᠭᠡᠴᠡ ᠶᠢ 1.3 ᠲᠦᠮᠡᠨ | ᠲᠤᠨ ᠳᠤ ᠬᠦᠷᠭᠡᠨ᠂ ᠡᠪᠡᠰᠦ ᠪᠡᠯᠴᠢᠭᠡᠷ ᠨᠣᠭᠤᠭᠠᠷᠠᠬᠤ ᠪᠠ ᠬᠤᠪᠬᠠᠶᠢᠷᠠᠬᠤ ᠬᠤᠭᠤᠴᠠᠭᠠᠨ ᠳᠤ ᠮᠠᠯ ᠤᠨᠤᠭ᠎ᠠ ᠪᠠᠨ | ᠬᠠᠰᠢᠶᠠᠯᠠᠨ ᠲᠡᠵᠢᠭᠡᠬᠦ ᠬᠡᠷᠡᠭᠴᠡᠭᠡ ᠶᠢ ᠪᠠᠲᠤᠯᠠᠪᠠ᠃ | ᠲᠠᠷᠠᠭ᠎ᠠ ᠨᠢ ᠬᠥᠮᠥᠨ ᠤ ᠬᠦᠴᠦᠨ ᠤ ᠥᠪᠡᠷ ᠤᠨ ᠥᠷᠲᠡᠭ ᠢ ᠠᠷᠪᠢᠯᠠᠨ᠂ ᠮᠠᠯ ᠰᠦᠷᠦᠭ ᠤᠨ ᠪᠡᠯᠴᠢᠭᠡᠷ ᠲᠤ | ᠦᠵᠡᠭᠦᠯᠭᠦ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ︽ᠪᠤᠭ ᠮᠠᠯ ᠢ ᠴᠥᠭᠡᠳᠬᠡᠨ ᠦᠬᠡᠷ ᠤᠨ ᠲᠤᠭ᠎ᠠ ᠶᠢ | ᠨᠡᠮᠡᠭᠳᠡᠭᠦᠯᠬᠦ︾ ᠠᠷᠭ᠎ᠠ ᠶᠢ ᠬᠡᠷᠡᠭᠵᠢᠭᠦᠯᠵᠦ᠂ ᠲᠤᠰᠬᠠᠶᠢᠵᠢᠭᠰᠠᠨ ᠮᠢᠬᠠᠨ ᠤ ᠦᠬᠡᠷ ᠤᠨ ᠡᠭᠦᠯᠳᠡᠷ ᠢ ᠬᠥᠭᠵᠢᠭᠦᠯᠦᠨ | 3 ᠲᠡᠵᠢᠭᠡᠪᠦᠷᠢ ᠶᠢᠨ ᠲᠠᠯᠠᠪᠠᠢ ᠪᠠᠶᠢᠭᠤᠯᠵᠤ᠂ 1700 ᠭᠠᠷᠤᠢ ᠦᠬᠡᠷ ᠲᠡᠵᠢᠭᠡᠨ᠂ ᠵᠢᠯ ᠪᠦᠷᠢ 800 ᠭᠠᠷᠤᠢ | ᠦᠬᠡᠷ ᠢ ᠪᠣᠷᠳᠣᠵᠤ ᠲᠠᠷᠭᠤᠯᠠᠭᠤᠯᠤᠭᠰᠠᠨ ᠬᠤᠶᠢᠨ᠎ᠠ ᠬᠤᠳᠠᠯᠳᠤᠵᠤ ᠪᠤᠢ᠃ ᠲᠤᠰ ᠬᠤᠷᠰᠢᠶ᠎ᠠ ᠨᠢ ᠪᠠᠰᠠ ᠡᠷᠲᠡ | ᠲᠡᠵᠢᠭᠡᠯ ᠨᠥᠬᠦᠪᠦᠷᠢᠯᠡᠬᠦ᠂ ᠡᠷᠲᠡ ᠬᠤᠳᠠᠯᠳᠤᠬᠤ᠂ ᠡᠷᠲᠡ ᠭᠠᠷ ᠬᠡᠭᠡᠯᠲᠦᠭᠦᠯᠭᠡ ᠬᠢᠬᠦ᠂ ᠡᠷᠲᠡ ᠲᠤᠭᠤᠯ ᠲᠤᠰᠬᠤ ︽ | ᠳᠥᠷᠪᠡᠨ ᠡᠷᠲᠡ︾ ᠶᠢᠨ ᠵᠠᠭᠪᠤᠷ ᠢ ᠬᠡᠷᠡᠭᠵᠢᠭᠦᠯᠵᠦ᠂ ᠬᠡᠪᠴᠢᠶᠡᠵᠢᠭᠦᠯᠦᠨ ᠲᠡᠵᠢᠭᠡᠬᠦ ᠶᠢ ᠪᠡᠶᠡᠯᠡᠭᠦᠯᠦᠨ᠂ ᠪᠣᠷᠳᠣᠵᠤ | ᠲᠠᠷᠭᠤᠯᠠᠭᠤᠯᠬᠤ ᠦᠭᠡᠢ ᠪᠣᠯ ᠪᠣᠷᠣᠯᠠᠭᠤᠯᠬᠤ ᠦᠭᠡᠢ ᠪᠠᠶᠢᠵᠤ᠂ ᠮᠢᠬᠠᠨ ᠤ ᠦᠬᠡᠷ ᠨᠢ 1300 ᠵᠢᠩ ᠳᠤ | ᠭᠦᠷᠦᠭᠰᠡᠨ ᠬᠤᠶᠢᠨ᠎ᠠ ᠰᠠᠶ᠋ᠢ ᠨᠢᠲᠤᠯᠤᠨ ᠬᠤᠳᠠᠯᠳᠤᠬᠤ ᠠᠵᠤ ᠠᠬᠤᠶᠢᠯᠠᠯ ᠳᠤ ᠬᠤᠳᠠᠯᠳᠤᠨ ᠥᠭᠴᠦ ᠪᠠᠶᠢᠨ᠎ᠠ᠃ | ᠤᠷᠵᠢᠨᠤᠨ ᠳᠤᠰ ᠬᠤᠷᠰᠢᠶ᠎ᠠ ᠶᠢᠨ ᠠᠰᠢᠭ ᠣᠯᠵᠠᠪᠤᠷᠢ 200 ᠲᠦᠮᠡᠨ ᠲᠥᠭᠦᠷᠢᠭ ᠲᠤ ᠬᠦᠷᠴᠦ᠂ ᠬᠥᠮᠥᠨ | ᠳᠤᠮᠳᠠᠴᠢ ᠶᠢᠨ ᠣᠷᠣᠯᠭ᠎ᠠ ᠨᠢ 9.5 ᠲᠦᠮᠡᠨ ᠲᠥᠭᠦᠷᠢᠭ ᠲᠤ ᠬᠦᠷᠴᠡᠢ᠃ |