ᠰᠢᠨᠬᠤᠸᠠ ᠬᠤᠷᠢᠶᠠᠨ ᠤ ᠫᠠᠷᠢᠰ ᠤᠨ 5 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 5 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ | ᠨᠢᠰᠬᠡᠯ ᠢᠶᠠᠷ ᠫᠠᠷᠢᠰ ᠲᠤ ᠬᠦᠷᠴᠦ᠂ ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠶᠡᠷᠦᠩᠬᠡᠶᠢᠯᠡᠭᠴᠢ ᠮᠠᠶᠢᠺᠷᠤᠨ ᠤᠨ | ᠤᠷᠢᠯᠭ᠎ᠠ ᠪᠠᠷ᠂ ᠹᠷᠠᠨᠼᠢ ᠳᠤ ᠲᠥᠷᠥ ᠶᠢᠨ ᠠᠶᠢᠯᠴᠢᠯᠠᠯᠲᠠ ᠬᠢᠪᠡ᠃ | | | ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠤᠨ ᠣᠯᠢ ᠨᠢᠰᠬᠡᠯ ᠤᠨ ᠪᠠᠭᠤᠳᠠᠯ ᠳᠤ ᠬᠦᠷᠴᠦ ᠢᠷᠡᠬᠦ ᠳᠤ᠂ | ᠹᠷᠠᠨᠼᠢ ᠶᠢᠨ ᠶᠡᠷᠦᠩᠬᠡᠢ ᠰᠠᠶᠢᠳ ᠠᠲ᠋ᠠᠯ ᠵᠡᠷᠭᠡ ᠹᠷᠠᠨᠼᠢ ᠶᠢᠨ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ | ᠲᠥᠯᠥᠭᠡᠯᠡᠭᠴᠢᠳ ᠬᠠᠯᠠᠭᠤᠨ ᠢᠶᠠᠷ ᠤᠭᠲᠤᠪᠠ᠃ | ᠰᠢ ᠶᠢᠨ ᠫᠢᠩ ᠪᠢᠴᠢᠭ ᠤᠨ ᠶᠠᠷᠢᠶ᠎ᠠ ᠲᠠᠯᠪᠢᠪᠠ᠃ ᠰᠢ ᠶᠢᠨ ᠫᠢᠩ᠂ ᠪᠢ ᠹᠷᠠᠨᠼᠢ ᠳᠤ ᠭᠤᠷᠪᠠᠳᠤᠭᠠᠷ ᠤᠳᠠᠭ᠎ᠠ ᠶᠢᠨ | ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ ᠹᠷᠠᠨᠼᠢ ᠶᠢᠨ ᠠᠷᠠᠳ ᠲᠦᠮᠡᠨ ᠲᠠᠢ | ᠬᠠᠮᠲᠤ ᠪᠠᠷ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠢ ᠶᠢ ᠪᠡᠯᠭᠡᠯᠡᠪᠡ᠃ ᠵᠡᠭᠦᠨ ᠪᠠᠷᠠᠭᠤᠨ | ᠣᠷᠣᠨ ᠤ ᠪᠣᠯᠪᠠᠰᠤᠨ ᠤ ᠴᠢᠬᠤᠯᠠ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠪᠣᠯᠤᠨ ᠹᠷᠠᠨᠼᠢ | ᠤᠷᠲᠤ ᠬᠤᠭᠤᠴᠠᠭᠠᠨ ᠤ ᠲᠤᠷᠰᠢ ᠬᠠᠷᠢᠯᠴᠠᠨ ᠪᠠᠭ᠋ᠠᠷᠬᠠᠵᠤ᠂ ᠬᠠᠷᠢᠯᠴᠠᠨ ᠲᠠᠲᠠᠵᠤ ᠪᠠᠶᠢᠨ᠎ᠠ᠃ 60 ᠵᠢᠯ ᠤᠨ ᠡᠮᠦᠨ᠎ᠡ | ᠳᠤᠮᠳᠠᠳᠤ ᠹᠷᠠᠨᠴᠢ ᠬᠤᠶᠠᠷ ᠤᠯᠤᠰ ᠬᠦᠢᠢᠲᠠᠨ ᠳᠠᠶᠢᠨ ᠤ ᠬᠠᠷᠰᠢ ᠶᠢ ᠰᠢᠪᠲᠤᠯᠵᠤ᠂ ᠡᠯᠴᠢᠨ ᠤ ᠲᠠᠰ ᠤᠨ ᠭᠠᠳᠠᠭᠠᠳᠤ | ᠬᠠᠷᠢᠯᠴᠠᠭ᠎ᠠ ᠪᠠᠶᠢᠭᠤᠯᠵᠠᠢ᠃ 60 ᠵᠢᠯ ᠤᠨ ᠲᠤᠷᠰᠢ᠂ ᠳᠤᠮᠳᠠᠳᠤ ᠤᠯᠤᠰ ᠪᠣᠯᠤᠨ ᠹᠷᠠᠨᠽᠢ ᠶᠢᠨ ᠬᠠᠷᠢᠴᠠᠭ᠎ᠠ ᠢᠮᠠᠭᠲᠠ | ᠳᠤᠮᠳᠠᠳᠤ ᠤᠯᠤᠰ ᠪᠣᠯᠤᠨ ᠥᠷᠥᠨᠡᠳᠠᠬᠢᠨ ᠤ ᠤᠯᠤᠰ ᠤᠨ ᠬᠠᠷᠢᠴᠠᠭᠠᠨ ᠤ ᠡᠮᠦᠨ᠎ᠡ ᠡᠩᠨᠡᠭᠡᠨ ᠳᠤ ᠵᠠᠪᠤᠵᠤ ᠪᠠᠶᠢᠨ᠎ᠠ᠃ | ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠬᠥᠭᠵᠢᠯᠲᠡ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ | ᠣᠯᠭᠤᠭᠰᠠᠨ ᠢᠶᠠᠷ ᠪᠠᠷᠠᠬᠤ ᠦᠭᠡᠢ ᠪᠠᠰᠠ ᠲᠣᠭᠲᠠᠭᠤᠨ ᠪᠤᠰᠤ ᠳᠡᠯᠡᠬᠡᠢ ᠶᠢᠷᠲᠢᠨᠴᠦ ᠳᠤ ᠲᠣᠭᠲᠠᠪᠤᠷᠢᠲᠤ ᠴᠢᠨᠠᠷ ᠪᠠ | ᠢᠳᠡᠪᠬᠢ ᠬᠦᠴᠦᠨ ᠨᠡᠮᠡᠷᠢᠯᠡᠭᠰᠡᠨ ᠪᠠᠶᠢᠨ᠎ᠠ᠃ ᠠᠶᠢᠯᠴᠢᠯᠠᠯᠲᠠ ᠶᠢᠨ ᠬᠤᠭᠤᠴᠠᠭᠠᠨ ᠳᠤ ᠪᠢ ᠶᠡᠷᠦᠩᠬᠡᠶᠢᠯᠡᠭᠴᠢ ᠮᠠᠶᠢᠺᠷᠤᠨ ᠲᠠᠢ | ᠰᠢᠨ᠎ᠡ ᠪᠠᠶᠢᠳᠠᠯ ᠳᠣᠣᠷᠠᠬᠢ ᠳᠤᠮᠳᠠᠳᠤ ᠹᠷᠠᠨᠼᠢ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠬᠥᠭᠵᠢᠯᠲᠡ ᠵᠢᠴᠢ | ᠣᠳᠣᠬᠠᠨ ᠤ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠪᠠ᠃ ᠡᠨᠡ ᠤᠳᠠᠭᠠᠨ ᠤ ᠠᠶᠢᠯᠴᠢᠯᠠᠯᠲᠠ ᠪᠠᠷ ᠳᠠᠮᠵᠢᠭᠤᠯᠤᠨ ᠬᠤᠶᠠᠷ ᠤᠯᠤᠰ ᠤᠨ ᠤᠯᠠᠮᠵᠢᠯᠠᠯᠲᠤ ᠨᠦᠭᠦᠷᠯᠠᠯ ᠢᠶᠠᠨ | ᠪᠠᠲᠤᠳᠬᠠᠵᠤ᠂ ᠤᠯᠤᠰ ᠳᠦᠷᠤ ᠶᠢᠨ ᠢᠲᠠᠭᠡᠯᠴᠡᠭᠡ ᠪᠠ ᠨᠠᠮᠠᠭᠲᠠᠭᠦᠯᠵᠤ᠂ ᠪᠠᠶᠢᠯᠳᠤᠬᠤ ᠪᠣᠳᠣᠯᠭ᠎ᠠ ᠶᠢᠨ ᠬᠠᠮᠲᠤ ᠶᠢᠨ | ᠲᠠᠨᠢᠯᠲᠠ ᠪᠠ ᠨᠢᠭᠲᠠᠷᠠᠭᠤᠯᠤᠨ᠂ ᠡᠯ᠎ᠡ ᠬᠦᠢᠷᠢᠶᠠᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠ ᠬᠦᠢᠠᠵᠠᠭᠡᠶᠢᠷᠠᠭᠦᠯᠣᠠ᠂ | ᠲᠠᠣᠭᠠ ᠭᠠᠯ ᠪᠠᠮᠪᠠᠷ ᠢᠶᠠᠷ ᠤᠷᠤᠭᠰᠢᠯᠠᠬᠤ ᠵᠠᠮ ᠢ ᠬᠡᠷᠠᠬᠯᠠᠵᠤ᠂ ᠳᠤᠮᠳᠠᠳᠤ ᠹᠷᠠᠨᠴᠢ ᠶᠢᠨ ᠬᠠᠷᠢᠴᠠᠭ᠎ᠠ ᠶᠢᠨ ᠨᠡᠩ ᠰᠠᠶᠢᠨ | ᠰᠠᠶᠢᠬᠠᠨ ᠢᠷᠠᠭᠡᠲᠣᠢ ᠶᠢ ᠡᠭᠦᠳᠦᠨ ᠪᠦᠲᠣᠭᠡᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠦᠭᠵᠢᠯᠲᠡ ᠳᠤ | ᠬᠤᠪᠢ ᠨᠡᠮᠡᠷᠢ ᠦᠵᠡᠬᠦᠯᠦᠨ᠎ᠡ᠃ | | | ᠰᠢ ᠶᠢᠨ ᠫᠢᠩ ᠲᠡᠷᠢᠭᠦᠯᠡᠭ᠌ᠴᠢ ᠬᠠᠲᠤᠨ ᠫᠧᠩ ᠯᠢ ᠶᠤᠸᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠳᠤᠪᠴᠢᠶᠠᠨ ᠤ ᠪᠠᠶᠢᠩᠭᠤ ᠶᠢᠨ ᠭᠡᠰᠢᠬᠦᠨ᠂ ᠳᠦᠪ ᠤᠨ ᠠᠯᠪᠠᠨ ᠲᠢᠩᠬᠢᠮ ᠤᠨ | ᠡᠷᠬᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠳᠤᠪᠴᠢᠶᠠᠨ ᠤ ᠭᠡᠰᠢᠬᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠵᠡᠷᠭᠡ ᠪᠠᠷ᠎ᠠ ᠪᠤᠯᠤᠭᠰᠠᠳ ᠬᠠᠮᠲᠤ ᠪᠠᠷ | ᠨᠢᠰᠭᠡᠯ ᠢᠶᠠᠷ ᠬᠦᠷᠴᠡᠢ᠃ | ᠹᠷᠠᠨᠼᠢ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠦ ᠱᠠ ᠶᠧ ᠪᠠᠰᠠ ᠨᠢᠰᠬᠡᠯ ᠤᠨ ᠪᠠᠭᠤᠳᠠᠯ ᠳᠤ | ᠤᠭᠲᠤᠪᠠ᠃ | ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯ ᠳᠤ ᠬᠦᠷᠬᠦ ᠵᠠᠮ ᠳᠠᠭᠠᠨ᠂ | ᠳᠤᠮᠳᠠᠳᠤ ᠶᠢᠨ ᠬᠠᠷᠢᠶᠠᠲᠤ ᠪᠠ ᠳᠤᠮᠳᠠᠳᠤ ᠤᠯᠤᠰ ᠤᠨ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠵᠠᠮ ᠤᠨ | ᠬᠤᠶᠠᠷ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ︽ᠳᠤᠮᠳᠠᠳᠤ ᠹᠷᠠᠨᠼᠢ ᠶᠢᠨ ᠨᠥᠬᠦᠷᠯᠡᠯ ᠮᠠᠨᠳᠤᠲᠤᠭᠠᠢ︕ | ᠲᠡᠷᠢᠭᠦᠯᠡᠭᠴᠢ ᠰᠢ ᠶᠢᠨ ᠫᠢᠩ ᠤᠨ ᠹᠷᠠᠨᠼᠢ ᠳᠤ ᠠᠶᠢᠯᠴᠢᠯᠠᠵᠤ ᠲᠡᠭᠦᠰ ᠠᠮᠵᠢᠯᠲᠠ ᠣᠯᠬᠤ ᠶᠢ ᠵᠥᠩᠨᠡᠶ᠎ᠡ︕ ᠤᠯᠠᠭᠠᠨ | ᠥᠩᠭᠡ ᠶᠢᠨ ᠬᠥᠨᠳᠡᠯᠡᠨ ᠪᠢᠴᠢᠭᠡᠰᠦ ᠪᠠᠷ ᠳᠤᠮᠳᠠᠳᠤ ᠹᠷᠠᠨᠼᠢ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ | ᠬᠠᠷᠠᠩᠭ᠎ᠠ ᠳᠡᠯᠡᠳᠦᠨ ᠬᠡᠩᠭᠡᠷᠭᠡ ᠳᠡᠯᠡᠳᠴᠦ᠂ ᠯᠣᠣ ᠪᠥᠵᠢᠭᠯᠡᠨ ᠠᠷᠰᠯᠠᠨ ᠪᠥᠵᠢᠭ ᠪᠥᠵᠢᠭᠯᠡᠵᠦ᠂ ᠲᠡᠷᠢᠭᠦᠯᠡᠭᠴᠢ ᠰᠢ ᠶᠢᠨ | ᠫᠢᠩ ᠤᠨ ᠠᠶᠢᠯᠴᠢᠯᠠᠬᠤ ᠪᠠᠷ ᠢᠷᠡᠭᠰᠡᠳ ᠢ ᠬᠠᠯᠠᠭᠤᠨ ᠢᠶᠠᠷ ᠤᠭᠲᠤᠪᠠ᠃ | |