ᠹᠷᠠᠨᠼᠢ ᠶᠢᠨ ᠫᠠᠷᠢᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠪᠢᠴᠢᠭ ᠤᠨ ᠬᠡᠯᠪᠡᠷᠢ ᠶᠢᠨ ᠶᠠᠷᠢᠶ᠎ᠠ | ︵2024 ᠣᠨ ᠤ 5 ᠰᠠᠷ᠎ᠠ ᠶᠢᠨ 5 ᠤ ᠡᠳᠦᠷ ᠫᠠᠷᠢᠰ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | ᠶᠡᠷᠦᠩᠬᠡᠶᠢᠯᠡᠭᠴᠢ ᠮᠠᠶᠢᠺᠷᠤᠨ ᠤ ᠤᠷᠢᠯᠭ᠎ᠠ ᠪᠠᠷ᠂ ᠪᠢ ᠹᠷᠠᠨᠽᠢ ᠤᠯᠤᠰ ᠲᠠᠬᠢ ᠭᠤᠷᠪᠠᠳᠤᠭᠠᠷ ᠤᠳᠠᠭᠠᠨ ᠤ ᠲᠥᠷᠥ ᠶᠢᠨ | ᠠᠶᠢᠯᠴᠢᠯᠠᠯᠲᠠ ᠪᠠᠨ ᠡᠬᠢᠯᠡᠭᠦᠯᠦᠭᠰᠡᠨ ᠳᠡᠭᠡᠨ ᠲᠤᠩ ᠪᠠᠶᠠᠷᠯᠠᠵᠤ ᠪᠠᠶᠢᠨ᠎ᠠ᠃ 2014 ᠣᠨ᠂ 2019 ᠣᠨ ᠳᠤ᠂ ᠪᠢ | ᠬᠤᠶᠠᠷ ᠤᠳᠠᠭ᠎ᠠ ᠬᠠᠪᠤᠷ ᠢᠶᠠᠷ ᠹᠷᠠᠨᠼᠢ ᠳᠤ ᠠᠶᠢᠯᠴᠢᠯᠠᠵᠤ᠂ ᠹᠷᠠᠨᠼᠢ ᠶᠢᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ | ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠢ ᠪᠣᠯᠤᠨ 55 ᠵᠢᠯ ᠤᠨ ᠣᠢ ᠶᠢ ᠪᠡᠯᠭᠡᠯᠡᠪᠡ᠃ ᠳᠤᠮᠳᠠᠳᠤ | ᠹᠷᠠᠨᠴᠢ ᠬᠤᠶᠠᠷ ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠢ ᠪᠣᠯᠵᠤ ᠪᠠᠶᠢᠭ᠎ᠠ ᠦᠶ᠎ᠡ ᠳᠤ᠂ ᠪᠢ | ᠪᠠᠰᠠ ᠨᠢᠭᠡ ᠤᠳᠠᠭᠠᠨ ᠤ ᠰᠠᠶᠢᠬᠠᠨ ᠹᠠᠷᠠᠨᠽᠢ ᠶᠢᠨ ᠭᠠᠵᠠᠷ ᠳᠡᠭᠡᠷ᠎ᠡ ᠳᠠᠬᠢᠨ ᠨᠢᠭᠡ ᠤᠳᠠᠭ᠎ᠠ ᠠᠯᠬᠤᠭᠰᠠᠨ ᠪᠣᠯᠬᠤᠷ ᠮᠠᠰᠢ | ᠳᠣᠲᠣᠨᠣ ᠰᠠᠨᠠᠭᠳᠠᠵᠤ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ | ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠹᠷᠠᠨᠼᠢ ᠶᠢᠨ ᠵᠠᠰᠠᠭ ᠤᠨ ᠣᠷᠳᠣᠨ ᠪᠣᠯᠤᠨ ᠹᠷᠠᠨᠼᠢ ᠶᠢᠨ | ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠦᠶ᠎ᠡ᠃ | ᠵᠡᠭᠦᠨ ᠪᠠᠷᠠᠭᠤᠨ ᠣᠷᠣᠨ ᠤ ᠪᠣᠯᠪᠠᠰᠤᠨ ᠤ ᠴᠢᠬᠤᠯᠠ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠳᠤᠮᠳᠠᠳᠤ ᠤᠯᠤᠰ | ᠪᠣᠯᠤᠨ ᠹᠷᠠᠨᠼᠢ ᠤᠷᠲᠤ ᠬᠤᠭᠤᠴᠠᠭᠠᠨ ᠤ ᠲᠤᠷᠰᠢ ᠬᠠᠷᠢᠯᠴᠠᠨ ᠪᠠᠭ᠋ᠠᠷᠬᠠᠵᠤ᠂ ᠬᠠᠷᠢᠯᠴᠠᠨ ᠲᠠᠲᠠᠵᠤ ᠪᠠᠶᠢᠨ᠎ᠠ᠃ ᠹᠷᠠᠨᠼᠢ ᠶᠢᠨ | ᠰᠡᠬᠡᠭᠡᠷᠡᠭᠦᠯᠬᠦ ᠪᠣᠳᠣᠯᠭᠠᠴᠢᠳ ᠳᠤᠮᠳᠠᠳᠤ ᠶᠢᠨ ᠰᠣᠶᠣᠯ ᠢ ᠡᠷᠲᠡ ᠠᠴᠠ ᠰᠤᠳᠤᠯᠵᠤ᠂ ᠳᠤᠮᠳᠠᠳᠤ ᠤᠯᠤᠰ ᠤᠨ ᠠᠷᠠᠳ | ᠲᠦᠮᠡᠨ᠂ ᠳ᠋ᠢᠳᠧᠷᠣ᠋᠂ ᠢᠦᠢ ᠭᠦᠸᠧ᠂ ᠪᠠᠷᠽᠠᠺ ᠵᠡᠷᠭᠡ ᠹᠷᠠᠨᠼᠢ ᠶᠢᠨ ᠰᠣᠶᠣᠯ ᠳᠤ ᠮᠠᠰᠢ ᠰᠠᠶᠢᠨ ᠲᠠᠨᠢᠯᠲᠠ ᠲᠠᠢ ᠪᠣᠯᠵᠠᠢ᠃ | 60 ᠵᠢᠯ ᠤᠨ ᠡᠮᠦᠨ᠎ᠡ ᠳᠤᠮᠳᠠᠳᠤ ᠹᠷᠠᠨᠴᠢ ᠬᠤᠶᠠᠷ ᠤᠯᠤᠰ ᠬᠦᠢᠢᠲᠠᠨ ᠳᠠᠶᠢᠨ ᠤ ᠬᠠᠷᠰᠢ ᠶᠢ ᠰᠢᠪᠲᠤᠯᠵᠤ᠂ ᠡᠯᠴᠢᠨ ᠤ | ᠲᠠᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠵᠠᠢ᠃ 60 ᠵᠢᠯ ᠤᠨ ᠲᠤᠷᠰᠢ᠂ ᠳᠤᠮᠳᠠᠳᠤ ᠹᠷᠠᠨᠴᠢ ᠶᠢᠨ ᠬᠠᠷᠢᠴᠠᠭ᠎ᠠ | ᠢᠮᠠᠬᠲᠠ ᠳᠤᠮᠳᠠᠳᠤ ᠤᠯᠤᠰ ᠪᠣᠯᠤᠨ ᠣᠢᠷᠣᠨᠠᠲᠠᠭᠢᠠ ᠤ ᠤᠯᠤᠰ ᠣᠳ ᠤᠨ ᠬᠤᠭᠤᠷᠣᠨᠳᠣᠬᠢ ᠬᠠᠷᠢᠴᠠᠭᠠᠨ ᠤ ᠡᠮᠦᠨ᠎ᠡ | ᠡᠩᠨᠠᠭᠠ ᠳᠤ ᠶᠠᠪᠤᠵᠤ᠂ ᠳᠡᠯᠡᠬᠡᠢ ᠨᠡᠶᠢᠲᠡ ᠳᠤ ᠠᠳᠠᠯᠢ ᠪᠤᠰᠤ ᠨᠡᠶᠢᠭᠡᠮ ᠤᠨ ᠪᠠᠶᠢᠭᠤᠯᠤᠯᠳᠤ ᠤᠯᠤᠰ ᠣᠳ ᠤᠨ | ᠬᠤᠭᠤᠷᠣᠨᠳᠣᠬᠢ ᠨᠠᠶᠢᠷᠠᠮᠳᠠᠯ ᠢᠶᠠᠷ ᠬᠠᠮᠲᠤᠪᠠᠷ ᠣᠷᠣᠰᠢᠭᠰᠠᠨ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠢᠷᠲᠠᠭᠦ ᠬᠡᠪ | ᠳᠠᠭᠤᠷᠢᠶᠠᠯ ᠢ ᠪᠣᠢ ᠪᠣᠯᠭᠠᠵᠤ ᠣᠢᠭᠭᠦᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠥᠨᠳᠥᠷ ᠲᠦᠪᠰᠢᠨ ᠢᠶᠠᠷ ᠬᠥᠭᠵᠢᠵᠦ᠂ ᠠᠭᠠᠷ ᠤᠨ | ᠠᠶᠠᠯᠠᠯ᠂ ᠰᠠᠨᠰᠠᠷ ᠤᠨ ᠠᠶᠠᠯᠠᠯ᠂ ᠴᠥᠮ᠎ᠡ ᠶᠢᠨ ᠡᠨᠧᠷᠭᠢ᠂ ᠲᠠᠷᠢᠶᠠᠯᠠᠩ ᠤᠨ ᠢᠳᠡᠭᠡᠨ᠂ ᠪᠣᠬᠢᠷᠲᠤᠯ ᠦᠭᠡᠢ ᠵᠡᠷᠭᠡ | ᠬᠦᠷᠢᠶᠡᠨ ᠤ ᠬᠠᠮᠲᠤᠷᠠᠯᠴᠠᠭ᠎ᠠ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠣᠯᠪᠠ᠃ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠪᠦᠬᠦ ᠪᠥᠮᠪᠥᠷᠴᠡᠭ ᠤᠨ | ᠵᠠᠰᠠᠯᠲᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠬᠤᠶᠠᠷ ᠤᠯᠤᠰ ᠨᠢᠭᠲᠠ ᠵᠣᠬᠢᠴᠠᠯᠳᠤᠨ ᠬᠠᠮᠵᠢᠯᠴᠠᠪᠠ᠃ ᠳᠤᠮᠳᠠᠳᠤ | ᠹᠷᠠᠨᠽᠢ ᠶᠢᠨ ᠰᠣᠶᠣᠯ ᠵᠢᠭᠤᠯᠴᠢᠯᠠᠯ ᠤᠨ ᠣᠨ ᠤ ᠡᠯ᠎ᠡ ᠵᠦᠢᠯ ᠤᠨ ᠠᠵᠢᠯᠯᠠᠭ᠎ᠠ ᠶᠠᠭ ᠪᠦᠬᠦ ᠲᠠᠯ᠎ᠠ ᠪᠠᠷ ᠥᠷᠨᠢᠭᠦᠯᠵᠦ ᠪᠠᠶᠢᠨ᠎ᠠ | ᠃ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠬᠥᠭᠵᠢᠯᠲᠡ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ | ᠣᠯᠭᠤᠭᠰᠠᠨ ᠢᠶᠠᠷ ᠪᠠᠷᠠᠬᠤ ᠦᠭᠡᠢ ᠪᠠᠰᠠ ᠲᠣᠭᠲᠠᠭᠤᠨ ᠪᠤᠰᠤ ᠳᠡᠯᠡᠬᠡᠢ ᠶᠢᠷᠲᠢᠨᠴᠦ ᠳᠤ ᠲᠣᠭᠲᠠᠪᠤᠷᠢᠲᠤ ᠴᠢᠨᠠᠷ ᠪᠠ | ᠢᠳᠡᠪᠬᠢ ᠬᠦᠴᠦᠨ ᠨᠡᠮᠡᠷᠢᠯᠡᠭᠰᠡᠨ ᠪᠠᠶᠢᠨ᠎ᠠ᠃ | ᠠᠶᠢᠯᠴᠢᠯᠠᠯᠲᠠ ᠶᠢᠨ ᠬᠤᠭᠤᠴᠠᠭᠠᠨ ᠳᠤ ᠪᠢ ᠶᠡᠷᠦᠩᠬᠡᠶᠢᠯᠡᠭᠴᠢ ᠮᠠᠶᠢᠺᠷᠤᠨ ᠲᠠᠢ ᠰᠢᠨ᠎ᠡ ᠪᠠᠶᠢᠳᠠᠯ ᠳᠣᠣᠷᠠᠬᠢ ᠳᠤᠮᠳᠠᠳᠤ | ᠹᠷᠠᠨᠼᠢ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠬᠥᠭᠵᠢᠯᠲᠡ ᠵᠢᠴᠢ ᠣᠳᠣᠬᠠᠨ ᠤ ᠴᠢᠬᠤᠯᠠ ᠶᠡᠭᠡ ᠳᠡᠯᠡᠬᠡᠢ ᠶᠢᠨ | ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠡᠨᠡ ᠤᠳᠠᠭᠠᠨ ᠤ | ᠠᠶᠢᠯᠴᠢᠯᠠᠯᠲᠠ ᠪᠠᠷ ᠳᠠᠮᠵᠢᠭᠤᠯᠤᠨ ᠬᠤᠶᠠᠷ ᠤᠯᠤᠰ ᠤᠨ ᠤᠯᠠᠮᠵᠢᠯᠠᠯᠲᠤ ᠨᠦᠭᠦᠷᠯᠠᠯ ᠢᠶᠠᠨ ᠪᠠᠲᠤᠳᠬᠠᠵᠤ᠂ ᠤᠯᠤᠰ | ᠳᠦᠷᠤ ᠶᠢᠨ ᠢᠲᠠᠭᠡᠯᠴᠡᠭᠡ ᠪᠠ ᠨᠠᠮᠠᠭᠲᠠᠭᠦᠯᠵᠤ᠂ ᠪᠠᠶᠢᠯᠳᠤᠬᠤ ᠪᠣᠳᠣᠯᠭ᠎ᠠ ᠶᠢᠨ ᠬᠠᠮᠲᠤ ᠶᠢᠨ ᠲᠠᠨᠢᠯᠲᠠ ᠪᠠ ᠨᠢᠭᠲᠠᠷᠠᠭᠤᠯᠤᠨ᠂ | ᠡᠯ᠎ᠡ ᠬᠦᠢᠷᠢᠶᠠᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠ ᠬᠦᠢᠠᠵᠠᠭᠡᠶᠢᠷᠠᠭᠦᠯᠣᠠ᠂ ᠲᠠᠣᠭᠠ ᠭᠠᠯ ᠪᠠᠮᠪᠠᠷ ᠢᠶᠠᠷ | ᠤᠷᠤᠭᠰᠢᠯᠠᠬᠤ ᠵᠠᠮ ᠢ ᠬᠡᠷᠠᠬᠯᠠᠵᠤ᠂ ᠳᠤᠮᠳᠠᠳᠤ ᠹᠷᠠᠨᠴᠢ ᠶᠢᠨ ᠬᠠᠷᠢᠴᠠᠭ᠎ᠠ ᠶᠢᠨ ᠨᠡᠩ ᠰᠠᠶᠢᠨ ᠰᠠᠶᠢᠬᠠᠨ ᠢᠷᠠᠭᠡᠲᠣᠢ ᠶᠢ | ᠡᠭᠦᠳᠦᠨ ᠪᠦᠲᠣᠭᠡᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠦᠭᠵᠢᠯᠲᠡ ᠳᠤ ᠰᠢᠨ᠎ᠡ ᠬᠤᠪᠢ ᠨᠡᠮᠡᠷᠢ | ᠦᠵᠡᠬᠦᠯᠦᠨ᠎ᠡ᠃ |