5 ᠰᠠᠷ᠎ᠠ ᠶᠢᠨ 5 ᠤ ᠡᠳᠦᠷ᠂ ᠫᠠᠷᠢᠰ ᠲᠤ ᠬᠦᠷᠴᠦ ᠹᠷᠠᠨᠼᠢ ᠳᠤ ᠲᠥᠷᠥ ᠶᠢᠨ ᠠᠶᠢᠯᠴᠢᠯᠠᠯᠲᠠ ᠬᠢᠬᠦ ᠲᠠᠰᠢᠷᠠᠮ ᠢᠶᠠᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠹᠷᠠᠨᠼᠢ ᠶᠢᠨ ︽ᠹᠢᠭᠠᠷᠦ ᠰᠣᠨᠢᠨ︾ ᠳᠤ ︽ᠳᠤᠮᠳᠠᠳᠤ ᠹᠷᠠᠨᠼᠢ ᠶᠢᠨ | ᠬᠠᠷᠢᠯᠴᠠᠭ᠎ᠠ ᠪᠠᠶᠢᠭᠤᠯᠤᠬᠰᠠᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠥ ᠳᠡᠯᠡᠬᠡᠶ ᠶᠢᠨ ᠡᠩᠬᠡ ᠲᠠᠶᠢᠪᠤᠩ | ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠲᠠᠢ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ | ᠪᠦᠬᠦ ᠠᠭᠤᠯᠭ᠎ᠠ ᠨᠢ ᠳᠣᠣᠷᠠᠬᠢ ᠮᠡᠲᠦ᠄ | ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠳᠡᠯᠡᠬᠡᠶ ᠶᠢᠨ | ᠡᠩᠬᠡ ᠲᠠᠶᠢᠪᠤᠩ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠶᠡᠷᠦᠩᠬᠡᠶᠢᠯᠡᠭᠴᠢ ᠮᠠᠶᠢᠺᠷᠤᠨ ᠤ ᠤᠷᠢᠯᠭ᠎ᠠ ᠪᠠᠷ᠂ ᠪᠢ ᠹᠷᠠᠨᠼᠢ ᠳᠤ ᠭᠤᠷᠪᠠᠳᠠᠬᠢ ᠤᠳᠠᠭ᠎ᠠ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ | ᠳᠤᠮᠳᠠᠳᠤ ᠤᠯᠤᠰ ᠤᠨ ᠠᠷᠠᠳ ᠲᠦᠮᠡᠨ ᠤ ᠰᠡᠳᠭᠢᠯ ᠳᠤ᠂ ᠹᠷᠠᠨᠼᠢ ᠥᠪᠡᠷᠮᠢᠴᠡ ᠲᠠᠲᠠᠬᠤ ᠬᠦᠴᠦᠨ ᠲᠠᠢ ᠶᠤᠮ᠃ ᠡᠨᠡ ᠬᠦ | ᠨᠤᠲᠤᠭ ᠳᠡᠪᠢᠰᠭᠡᠷ ᠳᠡᠭᠡᠷ᠎ᠡ ᠳᠡᠯᠡᠬᠡᠢ ᠳ᠋ᠠᠬᠢᠨ ᠳᠤ ᠨᠥᠯᠥᠭᠡ ᠲᠠᠢ ᠮᠠᠰᠢ ᠤᠯᠠᠨ ᠭᠦᠨ ᠤᠬᠠᠭᠠᠨᠲᠠᠨ᠂ ᠤᠳᠭ᠎ᠠ ᠵᠣᠬᠢᠶᠠᠯᠴᠢ᠂ | ᠤᠷᠠᠯᠢᠭᠴᠢᠳ ᠮᠡᠨᠳᠦᠯᠡᠵᠦ᠂ ᠪᠦᠬᠦ ᠬᠥᠮᠦᠨ ᠲᠥᠷᠥᠯᠬᠢᠲᠡᠨ ᠳᠤ ᠦᠵᠡᠯ ᠰᠠᠨᠠᠭᠠᠨ ᠤ ᠰᠡᠩᠬᠡᠷᠡᠭᠦᠯᠦᠯ ᠪᠤᠯᠤᠭᠰᠠᠨ ᠶᠤᠮ᠃ | 150 ᠭᠠᠷᠤᠶ ᠵᠢᠯ ᠤᠨ ᠡᠮᠦᠨ᠎ᠡ᠂ ᠹᠷᠠᠨᠼᠢ ᠶᠢᠨ ᠬᠥᠮᠦᠰ ᠳᠤᠮᠳᠠᠳᠤ ᠤᠯᠤᠰ ᠤᠨ ᠹᠦᠵᠢᠶᠠᠨ ᠤ ᠣᠩᠭᠤᠴᠠᠨ ᠤ ᠶᠠᠪᠤᠳᠠᠯ | ᠪᠠ ᠹᠦᠵᠢᠶᠠᠨ ᠤ ᠣᠩᠭᠤᠴᠠᠨ ᠤ ᠶᠠᠪᠤᠳᠠᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠹᠷᠠᠨᠼᠢ | ᠬᠠᠮᠤᠭ ᠡᠷᠲᠡ ᠳᠤᠮᠳᠠᠳᠤ ᠤᠯᠤᠰ ᠤᠨ ᠠᠯᠪᠠᠨ ᠠᠴᠠ ᠲᠣᠮᠢᠯᠠᠵᠥ ᠹᠷᠠᠨᠼᠢ ᠳᠤ ᠰᠤᠷᠤᠯᠴᠠᠬᠤ ᠰᠣᠷᠣᠭᠴᠢ ᠶᠢ ᠭᠥᠯᠢᠶᠡᠨ | ᠠᠪᠴᠠᠶ︔ ᠵᠠᠭᠤᠨ ᠵᠢᠯ ᠤᠨ ᠡᠮᠦᠨ᠎ᠡ ᠳᠤᠮᠳᠠᠳᠤ ᠤᠯᠤᠰ ᠤᠨ ᠵᠠᠯᠠᠭᠤᠴᠤᠳ ᠹᠷᠠᠨᠼᠢ ᠳᠤ ᠣᠴᠢᠵᠤ ᠨᠤᠮ ᠪᠢᠴᠢᠭ ᠡᠬᠦᠷᠴᠤ | ᠡᠷᠳᠡᠮ ᠮᠡᠳᠡᠯᠭᠡ ᠰᠤᠷᠴᠤ᠂ ᠳᠡᠳᠡᠬᠡᠷ ᠤᠨ ᠳᠣᠲᠣᠷᠠᠬᠢ ᠵᠠᠷᠢᠮ ᠵᠤᠷᠢᠬᠳᠠᠨ ᠵᠠᠯᠠᠭᠤᠴᠤᠳ ᠬᠤᠵᠢᠮ ᠨᠢ ᠰᠢᠨ᠎ᠡ ᠳᠤᠮᠳᠠᠳᠤ | ᠤᠯᠤᠰ ᠤᠨ ᠪᠠᠶᠢᠭᠤᠯᠤᠭᠳᠠᠬᠤ ᠪᠠ ᠬᠥᠭᠵᠢᠬᠦ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠶᠤᠮ᠃ ᠹᠷᠠᠨᠼᠢ | ᠥᠷᠥᠨᠡᠳᠠᠬᠢᠨ ᠤ ᠲᠤᠮᠤ ᠤᠯᠤᠰ ᠤᠨ ᠳᠣᠲᠣᠷ᠎ᠠ ᠬᠠᠮᠤᠭ ᠤᠨ ᠲᠦᠷᠦᠭᠦᠨ ᠳᠤ ᠰᠢᠨ᠎ᠡ ᠳᠤᠮᠳᠠᠳᠤ ᠤᠯᠤᠰ ᠲᠠᠢ ᠵᠢᠩᠬᠢᠨᠢ ᠪᠠᠷ | ᠬᠠᠷᠢᠯᠴᠠᠭ᠎ᠠ ᠪᠠᠶᠢᠭᠤᠯᠪᠠ᠃ | 2024 ᠣᠨ ᠪᠣᠯ ᠣᠨᠴᠠᠭᠠᠶ ᠠᠴᠢ ᠬᠤᠯᠪᠣᠭᠳᠠᠯ ᠲᠠᠢ ᠵᠠᠩᠭᠢᠯᠠᠭ᠎ᠠ ᠶᠢᠨ ᠴᠡᠭ ᠪᠣᠯᠤᠨ᠎ᠠ᠃ ᠪᠢ ᠡᠨᠡ ᠦᠶ᠎ᠡ ᠳᠤ | ᠹᠷᠠᠨᠼᠢ ᠳᠤ ᠢᠷᠡᠵᠦ᠂ ᠳᠤᠮᠳᠠᠳᠤ ᠤᠯᠤᠰ ᠠᠴᠠ ᠢᠷᠡᠭᠰᠡᠨ ᠭᠤᠷᠪᠠᠨ ᠮᠡᠳᠡᠭᠡ ᠵᠠᠩᠭᠢ ᠶᠢ ᠠᠪᠴᠢᠷᠠᠪᠠ᠃ | — ᠳᠤᠮᠳᠠᠳᠤ ᠤᠯᠤᠰ ᠳᠤᠷᠠᠲᠠᠶ᠎ᠠ ᠹᠷᠠᠨᠼᠢ ᠯᠤᠭ᠎ᠠ ᠬᠠᠷᠢᠯᠴᠠᠭ᠎ᠠ ᠪᠠᠶᠢᠭᠤᠯᠤᠬᠰᠠᠨ ᠵᠣᠷᠢᠭ ᠰᠠᠨᠠᠭ᠎ᠠ ᠶᠢ ᠤᠯᠠᠮᠵᠢᠯᠠᠨ | ᠵᠠᠯᠭᠠᠮᠵᠢᠯᠠᠵᠥ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠦᠷᠬᠦᠯᠵᠢᠯᠡᠬᠦᠯᠬᠦ᠂ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠶᠢ ᠠᠬᠢᠭᠤᠯᠤᠨ᠎ᠠ᠃ | ᠡᠨᠡ ᠵᠢᠯ ᠪᠣᠯ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠤᠨ᠎ᠠ᠃ 60 ᠵᠢᠯ ᠤᠨ | ᠡᠮᠦᠨ᠎ᠡ᠂ ᠳ᠋ᠤᠭᠤᠯ ᠵᠠᠩᠵᠤᠨ ᠴᠠᠭ ᠦᠶ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠷᠠᠴᠠ ᠠᠴᠠ ᠡᠭᠦᠰᠴᠦ᠂ ᠰᠢᠨ᠎ᠡ ᠳᠤᠮᠳᠠᠳᠤ | ᠤᠯᠤᠰ ᠲᠠᠢ ᠬᠠᠷᠢᠯᠴᠠᠭ᠎ᠠ ᠪᠠᠶᠢᠭᠤᠯᠬᠤ ᠪᠠᠷ ᠲᠣᠭᠲᠠᠪᠠ᠃ ᠬᠦᠢᠲᠡᠨ ᠳᠠᠶᠢᠨ ᠰᠢᠷᠦᠭᠦᠨ ᠶᠠᠪᠤᠭᠳᠠᠵᠤ ᠪᠠᠶᠢᠭᠰᠠᠨ ᠪᠠᠶᠢᠳᠠᠯ | ᠳᠣᠣᠷ᠎ᠠ᠂ ᠡᠨᠡ ᠬᠦ ᠪᠡᠶ᠎ᠡ ᠪᠠᠨ ᠳᠠᠭᠠᠭᠠᠵᠤ ᠡᠵᠡᠨ ᠮᠡᠳᠡᠬᠦ ᠲᠣᠭᠲᠠᠭᠠᠯ ᠢ ᠭᠠᠷᠭᠠᠭᠰᠠᠨ ᠨᠢ ᠲᠦᠢᠯ ᠤᠨ ᠬᠢᠯᠪᠠᠷ ᠪᠤᠰᠤ ᠶᠤᠮ᠂ | ᠮᠥᠨ ᠴᠦ ᠵᠥᠪ ᠪᠥᠭᠡᠳ ᠬᠤᠯᠠ ᠶᠢᠨ ᠬᠠᠷᠠᠴᠠ ᠲᠠᠢ ᠭᠡᠳᠡᠭ ᠢ ᠪᠣᠳᠠᠲᠤ ᠬᠡᠷᠡᠭ ᠭᠡᠷᠡᠴᠢᠯᠡᠭᠰᠡᠨ ᠪᠠᠶᠢᠨ᠎ᠠ᠃ ᠳᠤᠮᠳᠠᠳᠤ | ᠹᠷᠠᠨᠼᠢ ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ ᠨᠢ ᠳᠣᠷᠣᠨᠠᠳᠠᠬᠢᠨ ᠥᠷᠥᠨᠡᠳᠠᠬᠢᠨ ᠤ ᠨᠡᠪᠲᠡᠷᠡᠯᠴᠡᠬᠦ ᠬᠥᠭᠦᠷᠭᠡ ᠶᠢ | ᠲᠠᠯᠪᠢᠭᠰᠠᠨ ᠪᠥᠭᠡᠳ ᠤᠯᠠᠨ ᠤᠯᠤᠰ ᠤᠨ ᠬᠠᠷᠢᠯᠴᠠᠭ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢᠨ ᠴᠢᠭᠯᠡᠯ ᠲᠡᠶᠢᠰᠢ | ᠬᠤᠪᠢᠷᠠᠬᠤ ᠶᠢ ᠠᠬᠢᠭᠤᠯᠪᠠ᠃ | 60 ᠵᠢᠯ ᠤᠨ ᠲᠤᠷᠰᠢ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠢᠮᠠᠭᠲᠠ ᠴᠠᠭ ᠦᠶ᠎ᠡ ᠶᠢ ᠲᠠᠭᠠᠨ ᠬᠦᠭᠵᠢᠬᠰᠡᠬᠡᠷ | ᠢᠷᠡᠪᠡ᠃ ᠳᠤᠮᠳᠠᠳᠤ ᠤᠯᠤᠰ ᠤᠨ ᠥᠷᠥᠨᠡᠳᠠᠬᠢᠨ ᠯᠤᠭ᠎ᠠ ᠶᠢᠨ ᠤᠯᠤᠰ ᠤᠳ ᠤᠨ ᠬᠠᠷᠢᠯᠴᠠᠭᠠᠨ ᠳᠤ᠂ ᠬᠤᠶᠠᠷ ᠤᠯᠤᠰ | ᠤᠷᠢᠳ ᠢᠶᠠᠷ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ᠂ ᠲᠣᠭᠲᠠᠴᠠ ᠶᠢᠨ | ᠴᠢᠨᠠᠷᠲᠠᠢ ᠪᠠᠶᠢᠯᠳᠤᠬᠤ ᠪᠤᠳᠤᠯᠭ᠎ᠠ ᠶᠢᠨ ᠶᠠᠷᠢᠯᠴᠠᠭ᠎ᠠ ᠶᠢ ᠡᠬᠢᠯᠡᠭᠦᠯᠪᠡ︔ ᠠᠭᠠᠷ ᠤᠨ ᠠᠶᠠᠯᠠᠯ᠂ ᠴᠥᠮ᠎ᠡ ᠶᠢᠨ ᠡᠨᠧᠷᠭᠢ᠂ | ᠭᠤᠷᠪᠠᠳᠠᠬᠢ ᠡᠲᠡᠭᠡᠳ ᠤᠨ ᠵᠠᠬ᠎ᠠ ᠳᠡᠯᠭᠡᠭᠦᠷ ᠵᠡᠷᠭᠡ ᠶᠢᠨ ᠬᠠᠮᠲᠤᠷᠠᠯᠴᠠᠭ᠎ᠠ ᠶᠢ ᠤᠷᠢᠳ ᠢᠶᠠᠷ ᠥᠷᠨᠢᠭᠦᠯᠪᠡ︔ ᠤᠷᠢᠳ ᠢᠶᠠᠷ | ᠰᠣᠶᠣᠯ ᠤᠨ ᠲᠥᠪ ᠢ ᠬᠠᠷᠢᠯᠴᠠᠨ ᠪᠠᠶᠢᠭᠤᠯᠵᠤ᠂ ᠰᠣᠶᠣᠯ ᠤᠨ ᠣᠨ ᠤ ᠠᠵᠢᠯᠯᠠᠭ᠎ᠠ ᠶᠢ ᠬᠠᠷᠢᠯᠴᠠᠨ ᠡᠷᠬᠢᠯᠡᠵᠦ᠂ ᠪᠦᠬᠦ | ᠪᠥᠮᠪᠥᠷᠴᠡᠭ ᠤᠨ ᠪᠣᠯᠪᠠᠰᠤᠨ ᠤ ᠬᠠᠷᠢᠯᠴᠠᠨ ᠲᠣᠯᠢᠯᠠᠯ ᠳᠤ ᠬᠥᠲᠥᠯᠥᠨ ᠳᠠᠭᠠᠭᠤᠯᠬᠤ ᠦᠢᠯᠡᠳᠦᠯ ᠦᠵᠡᠬᠦᠯᠪᠡ᠃ ᠬᠤᠶᠠᠷ | ᠤᠯᠤᠰ ᠬᠠᠮᠲᠤᠷᠠᠯᠴᠠᠵᠤ ᠪᠠᠶᠢᠭᠠᠳ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ᠫᠠᠷᠢᠰ ᠤᠨ ᠬᠡᠯᠡᠯᠴᠡᠭᠡᠷ︾᠂ | ︽ᠺᠦᠨᠮᠢᠩ — ᠮᠤᠨᠲᠷᠤᠶᠠᠯ ᠤᠨ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠪᠣᠷᠣ | ᠲᠥᠯᠥᠪ︾ ᠢ ᠠᠬᠢᠭᠤᠯᠵᠤ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠲᠤᠬᠠᠢ ᠵᠥᠪᠯᠡᠬᠦ ᠵᠦᠢᠯ ᠢ ᠬᠦᠴᠦᠲᠡᠢ | ᠠᠬᠢᠭᠤᠯᠪᠠ᠃ | ᠲᠡᠦᠬᠡ ᠪᠣᠯ ᠬᠠᠮᠤᠭ ᠤᠨ ᠰᠠᠶᠢᠨ ᠪᠠᠭᠰᠢ ᠮᠥᠨ᠃ ᠣᠳᠣᠬᠠᠨ ᠤ ᠳᠡᠯᠡᠬᠡᠶ ᠵᠢᠷᠲᠢᠨᠴᠦ ᠲᠦᠢᠯ ᠤᠨ ᠠᠮᠤᠷ ᠲᠦᠪᠰᠢᠨ | ᠪᠤᠰᠤ ᠪᠠᠶᠢᠵᠤ᠂ ᠳᠠᠬᠢᠨᠲᠠ ᠳᠠᠪᠬᠤᠷ ᠳᠠᠪᠬᠤᠷ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ | ᠳᠤᠷᠠᠲᠠᠶ᠎ᠠ ᠹᠷᠠᠨᠼᠢ ᠶᠢᠨ ᠬᠢᠨ ᠲᠠᠢ ᠬᠠᠮᠲᠤ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠳᠤᠮᠳᠠᠳᠤ ᠹᠷᠠᠨᠼᠢ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ | ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠦᠨ᠎ᠡ᠃ | — ᠳᠤᠮᠳᠠᠳᠤ ᠤᠯᠤᠰ ᠥᠨᠳᠥᠷ ᠲᠦᠪᠰᠢᠨ ᠪᠦᠬᠦᠢ ᠨᠡᠬᠡᠬᠡᠯᠳᠡ ᠪᠠᠨ ᠥᠷᠭᠡᠳᠭᠡᠵᠦ᠂ ᠹᠷᠠᠨᠼᠢ ᠶᠢ ᠪᠠᠭᠲᠠᠭᠠᠭᠰᠠᠨ | ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ | ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠃ 75 ᠵᠢᠯ ᠤᠨ ᠲᠤᠷᠰᠢ᠂ | ᠪᠦᠬᠦ ᠳᠤᠮᠳᠠᠳᠤ ᠤᠯᠤᠰ ᠤᠨ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠵᠦ᠂ ᠳᠤᠮᠳᠠᠳᠤ | ᠤᠯᠤᠰ ᠶᠠᠳᠠᠭᠤ ᠬᠤᠭᠤᠰᠣᠨ ᠪᠠᠶᠢᠭᠰᠠᠨ ᠠᠴᠠ ᠪᠠᠨ ᠬᠥᠭᠵᠢᠭᠡᠳ ᠳᠡᠯᠡᠬᠡᠢ ᠶᠢᠨ ᠬᠤᠶᠠᠳᠤᠭᠠᠷ ᠶᠡᠭᠡ ᠠᠵᠤ ᠠᠬᠤᠢ ᠶᠢᠨ | ᠴᠣᠭᠴᠠ ᠪᠤᠯᠵᠤ᠂ ᠬᠥᠳᠡᠭᠡ ᠲᠣᠰᠬᠤᠨ ᠤ ᠬᠡᠳᠦᠨ ᠳ᠋ᠦᠩᠰᠢᠭᠤᠷ ᠶᠠᠳᠠᠭᠤ ᠬᠦᠴᠢᠷᠳᠡᠯᠲᠡᠢ ᠬᠥᠮᠦᠨ ᠠᠮᠠ | ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ | ᠭᠠᠶᠢᠬᠠᠮᠰᠢᠭ ᠢ ᠡᠭᠦᠳᠴᠡᠢ᠃ 2023 ᠣᠨ ᠳᠤ ᠳᠤᠮᠳᠠᠳᠤ ᠤᠯᠤᠰ ᠤᠨ ᠠᠵᠤ ᠠᠬᠤᠢ 5.2% ᠢᠶᠠᠷ ᠨᠡᠮᠡᠭᠳᠡᠵᠦ᠂ | 2024 ᠣᠨ ᠤ ᠬᠠᠷᠠᠯᠲᠠ ᠪᠣᠯ 5% ᠣᠷᠴᠢᠮ ᠪᠣᠯᠬᠤ ᠪᠥᠭᠡᠳ ᠬᠥᠭᠵᠢᠯᠲᠡ ᠶᠢᠨ ᠶᠠᠰᠤ ᠴᠢᠨᠠᠷ ᠨᠡᠩ ᠥᠨᠳᠥᠷ ᠪᠣᠯᠤᠨ᠎ᠠ | ᠃ ᠳᠤᠮᠳᠠᠳᠤ ᠤᠯᠤᠰ ᠦᠷᠭᠦᠯᠵᠢᠯᠡᠨ ᠪᠦᠬᠦ ᠪᠥᠮᠪᠥᠷᠴᠡᠭ ᠤᠨ ᠨᠡᠮᠡᠭᠳᠡᠯ ᠳᠤ ᠬᠥᠳᠡᠯᠭᠡᠬᠦ ᠬᠦᠴᠦᠨ ᠬᠠᠩᠭᠠᠵᠤ᠂ ᠳᠡᠯᠡᠬᠡᠢ ᠶᠢᠨ | ᠡᠯ᠎ᠡ ᠤᠯᠤᠰ ᠲᠤ ᠠᠵᠠ ᠲᠣᠬᠢᠶᠠᠯ ᠠᠪᠴᠢᠷᠠᠨ᠎ᠠ᠃ | ᠳᠤᠮᠳᠠᠳᠤ ᠤᠯᠤᠰ ᠤᠨ ᠬᠥᠭᠵᠢᠯᠲᠡ ᠶᠢᠨ ᠨᠢᠭᠡᠨ ᠴᠢᠬᠤᠯᠠ ᠲᠤᠷᠰᠢᠯᠭ᠎ᠠ ᠪᠣᠯ ᠳᠠᠷᠤᠶ ᠭᠠᠳᠠᠭᠠᠳᠤ ᠨᠡᠭᠡᠭᠡᠯᠲᠡ ᠬᠢᠬᠦ ᠶᠢ | ᠥᠴᠦᠬᠡᠨ ᠴᠦ ᠭᠤᠶᠢᠪᠢᠰᠢ ᠦᠭᠡᠢ ᠪᠠᠷᠢᠮᠲᠠᠯᠠᠬᠰᠠᠨ ᠶᠠᠪᠤᠳᠠᠯ ᠪᠣᠯᠤᠨ᠎ᠠ᠃ ᠪᠢᠳᠡ ᠨᠡᠩ ᠤᠯᠠᠨ ᠴᠢᠨᠠᠷ ᠰᠠᠶᠢᠲᠠᠢ | ᠹᠷᠠᠨᠼᠢ ᠶᠢᠨ ᠲᠠᠷᠢᠶᠠᠯᠠᠩ ᠤᠨ ᠪᠦᠲᠦᠭᠡᠭᠳᠡᠬᠦᠨ᠂ ᠵᠠᠰᠠᠯ ᠴᠢᠮᠡᠭ ᠤᠨ ᠡᠳ᠋ ᠤᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ | ᠣᠷᠣᠵᠤ᠂ ᠳᠤᠮᠳᠠᠳᠤ ᠤᠯᠤᠰ ᠤᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢ ᠪᠠᠶᠠᠷᠯᠡᠨ ᠤᠬᠳᠤᠨ᠎ᠠ᠃ ᠪᠢᠳᠡ ᠹᠷᠠᠨᠼᠢ ᠶᠢ ᠪᠠᠭᠲᠠᠭᠠᠭᠰᠠᠨ ᠳᠡᠯᠡᠬᠡᠢ ᠶᠢᠨ | ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠣᠴᠢᠵᠤ ᠪᠡᠯᠡ ᠣᠷᠣᠭᠤᠯᠤᠨ ᠦᠢᠯᠡᠰ ᠪᠤᠰᠬᠠᠬᠤ ᠶᠢ | ᠪᠠᠶᠠᠷᠯᠠᠨ ᠤᠭᠲᠤᠵᠤ᠂ ᠦᠢᠯᠡᠳᠬᠦ ᠦᠢᠯᠡᠰ ᠤᠨ ᠣᠷᠣᠬᠤ ᠵᠥᠪᠰᠢᠶᠡᠷᠡᠯ ᠢ ᠪᠦᠬᠦ ᠲᠠᠯ᠎ᠠ ᠪᠠᠷ ᠴᠢᠯᠥᠭᠡᠲᠡᠢ ᠪᠣᠯᠭᠠᠵᠤ᠂ | ᠴᠠᠬᠢᠯᠭᠠᠨ ᠬᠤᠯᠪᠣᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠣᠷᠣᠬᠤ ᠵᠥᠪᠰᠢᠶᠡᠷᠡᠯ ᠢ ᠴᠢᠯᠥᠭᠡᠲᠡᠢ | ᠪᠣᠯᠭᠠᠬᠤ ᠶᠢ ᠲᠦᠷᠭᠡᠳᠭᠡᠨ᠎ᠡ᠃ ᠪᠢᠳᠡ ᠪᠠᠰᠠ ᠹᠷᠠᠨᠼᠢ ᠵᠡᠷᠭᠡ ᠣᠯᠠᠨ ᠤᠯᠤᠰ ᠤᠨ ᠡᠩ ᠤᠨ ᠠᠷᠠᠳ ᠢᠷᠭᠡᠳ ᠲᠤ 15 | ᠡᠳᠦᠷ ᠤᠨ ᠦᠯᠤ ᠸᠢᠰᠠᠯᠠᠬᠤ ᠲᠥᠷᠥ ᠶᠢᠨ ᠪᠣᠳᠣᠯᠭ᠎ᠠ ᠥᠭᠴᠦ᠂ ᠭᠠᠳᠠᠭᠠᠳᠤ ᠶᠢᠨ ᠬᠠᠷᠢᠶ᠎ᠠ ᠲᠠᠢ ᠬᠥᠮᠦᠰ ᠤᠨ ᠳᠤᠮᠳᠠᠳᠤ | ᠤᠯᠤᠰ ᠲᠤ ᠵᠢᠭᠤᠯᠴᠢᠯᠠᠬᠤ᠂ ᠲᠤᠭᠠᠴᠠᠭ᠎ᠠ ᠬᠢᠬᠦ ᠳᠤ ᠲᠥᠬᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠪᠠ᠃ | ᠳᠤᠮᠳᠠᠳᠤ ᠤᠯᠤᠰ ᠤᠨ ᠭᠠᠳᠠᠭᠠᠳᠤ ᠨᠡᠭᠡᠭᠡᠯᠳᠠ ᠬᠢᠬᠦ ᠳᠤ ᠪᠠᠰᠠ ᠠᠵᠤ ᠠᠬᠤᠶᠢᠯᠠᠯ ᠤᠨ ᠭᠠᠳᠠᠭᠰᠢ ᠭᠠᠷᠴᠤ | ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠬᠤ ᠶᠠᠪᠤᠳᠠᠯ ᠪᠠᠭᠲᠠᠨ᠎ᠠ᠃ ᠣᠳᠣᠬᠠᠨ ᠳᠤ᠂ ᠹᠷᠠᠨᠼᠢ ᠶᠠᠭ ᠪᠣᠬᠢᠷᠲᠤᠯ ᠦᠭᠡᠢ | ᠰᠢᠨ᠎ᠡ ᠶᠢ ᠡᠭᠦᠳᠬᠦ ᠳᠤ ᠰᠠᠭᠤᠷᠢᠯᠠᠬᠰᠡᠨ ︽ᠲᠠᠬᠢᠨ ᠠᠵᠤ ᠦᠢᠯᠡᠳᠪᠦᠷᠢᠵᠢᠬᠦ︾ ᠶᠢ ᠠᠬᠢᠭᠤᠯᠵᠤ ᠪᠤᠢ᠂ ᠳᠤᠮᠳᠠᠳᠤ ᠤᠯᠤᠰ | ᠴᠤ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠬᠥᠭᠵᠢᠭᠦᠯᠵᠦ ᠪᠤᠢ᠂ ᠬᠤᠶᠠᠷ ᠲᠠᠯ᠎ᠠ ᠪᠠᠷ ᠢᠶᠠᠨ | ᠰᠢᠨ᠎ᠡ ᠶᠢ ᠡᠭᠦᠳᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠬᠠᠮᠲᠤ ᠪᠠᠷ | ᠠᠬᠢᠭᠤᠯᠵᠤ ᠪᠣᠯᠤᠨ᠎ᠠ᠃ ᠳᠤᠮᠳᠠᠳᠤ ᠤᠯᠤᠰ ᠤᠨ ᠵᠠᠷᠢᠮ ᠠᠵᠤ ᠠᠬᠤᠶᠢᠯᠠᠯ ᠨᠢᠭᠡᠨᠲᠡ ᠹᠷᠠᠨᠼᠢ ᠳᠤ ᠳ᠋ᠢᠶᠠᠨ ᡂᠢ ᠶᠢᠨ | ᠦᠢᠯᠡᠳᠪᠦᠷᠢ ᠪᠠᠶᠢᠭᠤᠯᠪᠠ᠃ ᠳᠤᠮᠳᠠᠳᠤ ᠤᠯᠤᠰ ᠤᠨ ᠵᠠᠰᠠᠭ ᠤᠨ ᠣᠷᠳᠣᠨ ᠨᠡᠩ ᠤᠯᠠᠨ ᠳᠤᠮᠳᠠᠳᠤ ᠤᠯᠤᠰ ᠤᠨ ᠠᠵᠤ | ᠠᠬᠤᠶᠢᠯᠠᠯ ᠤᠨ ᠹᠷᠠᠨᠼᠢ ᠳᠤ ᠪᠡᠯᠡ ᠣᠷᠣᠭᠤᠯᠬᠤ ᠶᠢ ᠳᠡᠮᠵᠢᠬᠦ ᠪᠥᠭᠡᠳ ᠹᠷᠠᠨᠼᠢ ᠶᠢᠨ ᠬᠢᠨ ᠲᠡᠳᠡᠨ ᠳᠤ ᠡᠷᠬᠡ ᠲᠡᠭᠰᠢ ᠲᠥᠪ | ᠭᠤᠣᠯᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ | — ᠳᠤᠮᠳᠠᠳᠤ ᠤᠯᠤᠰ ᠳᠤᠷᠠᠲᠠᠶ᠎ᠠ ᠹᠷᠠᠨᠼᠢ ᠯᠤᠭ᠎ᠠ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ | ᠡᠩᠬᠡ ᠲᠠᠶᠢᠪᠤᠩ ᠲᠣᠭᠲᠠᠭᠤᠨ ᠢ ᠬᠠᠮᠠᠭᠠᠯᠠᠨ᠎ᠠ᠃ | ᠡᠨᠡ ᠵᠢᠯ ᠪᠣᠯ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠤᠢ ᠪᠣᠯᠤᠨ᠎ᠠ᠃ | 70 ᠵᠢᠯ ᠤᠨ ᠡᠮᠦᠨ᠎ᠡ᠂ ᠶᠡᠷᠦᠩᠬᠡᠶ ᠰᠠᠶᠢᠳ ᠵᠧᠦ ᠤᠨ ᠯᠠᠶ ︽ᠡᠷᠬᠡ ᠮᠡᠳᠡᠯ ᠪᠠ ᠨᠤᠲᠤᠭ ᠳᠡᠪᠢᠰᠭᠡᠷ ᠤᠨ ᠪᠦᠷᠢᠨ | ᠪᠦᠲᠦᠨ ᠪᠠᠶᠢᠬᠤ ᠶᠢ ᠬᠠᠷᠢᠯᠴᠠᠨ ᠬᠦᠨᠳᠦᠳᠭᠡᠬᠦ᠂ ᠬᠠᠷᠢᠯᠴᠠᠨ ᠦᠯᠦ ᠬᠠᠯᠳᠠᠬᠤ᠂ ᠳᠣᠲᠣᠭᠠᠳᠤ ᠵᠠᠰᠠᠭ ᠲᠤ ᠬᠠᠷᠢᠯᠴᠠᠨ ᠭᠠᠷ | ᠦᠯᠦ ᠲᠦᠷᠦᠭᠦ᠂ ᠡᠷᠬᠡ ᠲᠡᠭᠰᠢ ᠬᠠᠷᠢᠯᠴᠠᠨ ᠠᠰᠢᠭᠲᠠᠶ ᠪᠠᠶᠢᠬᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ︾ ᠲᠠᠪᠤᠨ | ᠵᠠᠷᠴᠢᠮ ᠢ ᠠᠩᠬ᠎ᠠ ᠤᠳᠠᠭ᠎ᠠ ᠪᠦᠷᠢᠨ ᠪᠦᠲᠦᠨ ᠳᠤᠷᠠᠳᠪᠠ᠃ 70 ᠵᠢᠯ ᠤᠨ ᠲᠤᠷᠰᠢ᠂ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠲᠠᠪᠤᠨ ᠵᠠᠷᠴᠢᠮ ᠢ ᠳᠡᠯᠡᠬᠡᠢ ᠶᠢᠨ ᠡᠯ᠎ᠡ ᠤᠯᠤᠰ ᠨᠡᠶᠢᠳᠡᠮ ᠳᠡᠭᠡᠨ ᠬᠦᠯᠢᠶᠡᠨ ᠠᠪᠴᠤ ᠮᠡᠳᠡᠷᠡᠵᠦ᠂ ᠤᠳᠤ | ᠦᠶ᠎ᠡ ᠶᠢᠨ ᠤᠯᠠᠨ ᠤᠯᠤᠰ ᠤᠨ ᠬᠠᠷᠢᠯᠴᠠᠭᠠᠨ ᠤ ᠴᠢᠬᠤᠯᠠ ᠪᠠᠷᠢᠮᠵᠢᠶ᠎ᠠ ᠪᠣᠯᠤᠭᠰᠠᠨ ᠪᠠᠶᠢᠨ᠎ᠠ᠃ | ᠳᠤᠮᠳᠠᠳᠤ ᠤᠯᠤᠰ ᠪᠣᠯ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠦᠨᠡᠨᠴᠢ ᠰᠢᠳᠤᠷᠭᠤ | ᠦᠢᠯᠡᠳᠦᠯᠭᠡᠵᠢᠭᠦᠯᠦᠭᠴᠢ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ᠂ ᠨᠢᠭᠡ | ᠤᠳᠠᠭ᠎ᠠ ᠶᠢᠨ ᠲᠠᠶᠢᠨ ᠢ ᠴᠤ ᠰᠠᠨᠠᠭᠠᠴᠢᠯᠠᠭ᠎ᠠ ᠠᠴᠠ ᠪᠠᠨ ᠡᠭᠦᠰᠭᠡᠵᠦ ᠥᠩᠭᠡᠷᠡᠭᠰᠡᠨ ᠦᠭᠡᠢ᠂ ᠪᠤᠰᠤᠳ ᠤᠯᠤᠰ ᠤᠨ ᠨᠢᠭᠡ | ᠢᠮᠠᠬᠤ ᠭᠠᠵᠠᠷ ᠰᠢᠷᠣᠢ ᠶᠢ ᠴᠤ ᠲᠦᠷᠢᠮᠡᠬᠡᠶᠢᠯᠡᠨ ᠡᠵᠡᠯᠡᠵᠦ ᠥᠩᠭᠡᠷᠡᠭᠰᠡᠨ ᠦᠭᠡᠢ᠃ ᠳᠤᠮᠳᠠᠳᠤ ᠤᠯᠤᠰ ᠪᠣᠯ ᠳᠡᠯᠡᠬᠡᠢ | ᠳᠡᠭᠡᠷᠡᠬᠢ ᠴᠤᠷ ᠤᠨ ᠭᠠᠭᠴᠠ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠦᠨᠳᠦᠰᠦᠨ ᠬᠠᠤᠯᠢ ᠳᠤ ᠪᠢᠴᠢᠵᠦ | ᠣᠷᠣᠭᠤᠯᠤᠭᠰᠠᠨ ᠤᠯᠤᠰ ᠮᠥᠨ᠂ ᠴᠥᠮ᠎ᠡ ᠶᠢᠨ ᠲᠤᠮᠤ ᠤᠯᠤᠰ ᠤᠳ ᠤᠨ ᠲᠤᠳᠤᠷᠠᠬᠢ ᠴᠤᠷ ᠤᠨ ᠭᠠᠭᠴᠠ ᠴᠥᠮ᠎ᠡ ᠶᠢᠨ | ᠵᠡᠪᠰᠡᠭ ᠢ ᠤᠷᠢᠳ ᠢᠶᠠᠷ ᠬᠡᠷᠡᠭᠯᠡᠬᠦ ᠦᠭᠡᠢ ᠭᠡᠵᠦ ᠠᠮᠠᠯᠠᠭᠰᠠᠨ ᠤᠯᠤᠰ ᠮᠥᠨ᠃ | ᠤᠢᠢᠷ᠎ᠠ ᠶᠢᠨ ᠵᠢᠯ ᠠᠴᠠ᠂ ᠪᠢ ᠤᠷᠢᠳ ᠬᠤᠵᠢᠳ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠳᠤᠷᠠᠳᠴᠤ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠳᠤᠮᠳᠠᠳᠤ ᠤᠯᠤᠰ ᠤᠨ ᠲᠥᠰᠦᠯ ᠢ ᠨᠡᠮᠡᠷᠢᠯᠡᠵᠦ᠂ ᠪᠦᠬᠦ ᠪᠥᠮᠪᠥᠷᠴᠡᠭ ᠤᠨ | 100 ᠭᠠᠷᠤᠢ ᠤᠯᠤᠰ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠡᠮᠵᠢᠯᠭᠡ ᠶᠢ ᠣᠯᠵᠠᠢ᠃ | ᠦᠺᠷᠠᠶᠢᠨ ᠤ ᠬᠢᠮᠤᠷᠠᠯ ᠤᠨ ᠧᠦ᠋ᠷᠣᠫᠠ ᠶᠢᠨ ᠠᠷᠠᠳ ᠲᠦᠮᠡᠨ ᠳᠤ ᠤᠴᠠᠷᠠᠭᠤᠯᠤᠭᠰᠠᠨ ᠳᠠᠭᠠᠷᠢᠯᠲᠠ ᠶᠢ ᠳᠤᠮᠳᠠᠳᠤ | ᠤᠯᠤᠰ ᠣᠶᠢᠯᠠᠭᠠᠵᠤ ᠪᠠᠶᠢᠨ᠎ᠠ᠃ ᠳᠤᠮᠳᠠᠳᠤ ᠤᠯᠤᠰ ᠦᠺᠷᠠᠶᠢᠨ ᠤ ᠬᠢᠮᠤᠷᠠᠯ ᠢ ᠡᠬᠦᠰᠭᠡᠭᠴᠢ ᠪᠢᠰᠢ ᠪᠥᠭᠡᠳ ᠲᠤᠬᠠᠶ ᠶᠢᠨ | ᠲᠠᠯ᠎ᠠ᠂ ᠣᠷᠣᠯᠴᠠᠭᠴᠢ ᠲᠠᠯ᠎ᠠ ᠴᠤ ᠪᠢᠰᠢ ᠶᠤᠮ᠂ ᠭᠡᠪᠡᠴᠦ ᠪᠢᠳᠡ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ | ᠪᠦᠲᠦᠭᠡᠯᠴᠢ ᠴᠢᠨᠠᠷᠲᠠᠶ ᠦᠢᠯᠡᠳᠦᠯ ᠦᠵᠡᠭᠦᠯᠦᠭᠰᠡᠭᠡᠷ ᠢᠷᠡᠵᠡᠶ᠃ ᠪᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠲᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ᠂ ᠡᠯ᠎ᠡ ᠤᠯᠤᠰ ᠤᠨ ᠡᠷᠬᠡ ᠮᠡᠳᠡᠯ ᠪᠠ ᠨᠤᠲᠤᠭ | ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠭᠡᠬᠦ᠂ ᠡᠯ᠎ᠡ ᠲᠠᠯ᠎ᠠ ᠶᠢᠨ ᠬᠢᠨ ᠤ ᠵᠦᠢ ᠵᠣᠬᠢᠰᠲᠠᠢ ᠠᠮᠤᠷ | ᠲᠦᠪᠰᠢᠨ ᠤ ᠠᠩᠬᠠᠷᠤᠯ ᠢ ᠴᠢᠬᠤᠯᠠᠴᠢᠯᠠᠬᠤ ᠶᠢ ᠪᠠᠭᠲᠠᠭᠠᠭᠰᠠᠨ ᠤᠯᠠᠨ ᠵᠦᠢᠯ ᠤᠨ ᠤᠷᠢᠶᠠᠯᠠᠭ᠎ᠠ ᠶᠢ ᠵᠠᠯᠭᠠᠯᠳᠤᠭ᠎ᠠ ᠪᠠᠷ | ᠭᠠᠷᠭᠠᠪᠠ︔ ᠴᠥᠮ᠎ᠡ ᠶᠢᠨ ᠵᠡᠪᠰᠡᠭ ᠢ ᠬᠡᠷᠡᠭᠯᠡᠵᠦ ᠪᠣᠯᠬᠤ ᠤᠢᠭᠡᠢ᠂ ᠴᠥᠮ᠎ᠡ ᠶᠢᠨ ᠲᠡᠶᠢᠠ ᠢ ᠬᠢᠵᠦ ᠪᠣᠯᠬᠤ ᠤᠢᠭᠡᠢ ᠭᠡᠵᠦ | ᠴᠢᠬᠤᠯᠠᠴᠢᠯᠠᠪᠠ᠃ ᠳᠤᠮᠳᠠᠳᠤ ᠤᠯᠤᠰ ᠦᠺᠷᠠᠶᠢᠨ ᠳᠤ ᠤᠯᠠᠨ ᠪᠦᠯᠦᠭ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ᠂ | ᠤᠯᠠᠨ ᠤᠳᠠᠭ᠎ᠠ ᠣᠨᠴᠠ ᠡᠯᠴᠢ ᠲᠣᠮᠢᠯᠠᠵᠤ ᠬᠤᠯᠪᠣᠭᠳᠠᠯ ᠪᠦᠬᠦᠢ ᠤᠯᠤᠰ ᠢ ᠡᠪᠰᠡᠭᠦᠯᠪᠡ᠃ ᠦᠺᠷᠠᠶᠢᠨ ᠤ ᠬᠢᠮᠤᠷᠠᠯ ᠬᠡᠳᠦᠶ | ᠤᠳᠠᠭᠠᠨ ᠦᠷᠭᠦᠯᠵᠢᠯᠡᠬᠦ ᠲᠤᠲᠤᠮ ᠧᠦ᠋ᠷᠣᠫᠠ ᠲᠢᠪ ᠪᠣᠯᠤᠨ ᠳᠡᠯᠡᠬᠡᠶ ᠳᠤ ᠲᠡᠳᠦᠶ ᠶᠡᠭᠡ ᠬᠤᠬᠢᠷᠠᠯ ᠤᠴᠠᠷᠠᠭᠤᠯᠬᠤ ᠪᠣᠯᠤᠨ᠎ᠠ | ᠃ ᠳᠤᠮᠳᠠᠳᠤ ᠤᠯᠤᠰ ᠧᠦ᠋ᠷᠣᠫᠠ ᠲᠢᠪ ᠤᠨ ᠡᠬᠡ ᠬᠠᠭᠤᠷᠠᠢ ᠶᠢ ᠡᠷᠲᠡᠬᠡᠨ ᠡᠩᠬᠡ ᠲᠠᠶᠢᠪᠤᠩ ᠲᠣᠭᠲᠠᠭᠤᠨ ᠪᠠᠶᠢᠳᠠᠯ ᠳᠤ | ᠪᠤᠴᠠᠬᠤ ᠶᠢ ᠬᠦᠰᠡᠵᠦ ᠪᠠᠶᠢᠨ᠎ᠠ᠂ ᠳᠤᠷᠠᠲᠠᠶ᠎ᠠ ᠹᠷᠠᠨᠼᠢ ᠶᠢ ᠪᠠᠭᠲᠠᠭᠠᠭᠰᠠᠨ ᠳᠡᠯᠡᠬᠡᠢ ᠨᠡᠶᠢᠭᠡᠮ ᠤᠨ ᠬᠢᠨ ᠯᠦᠭᠡ ᠬᠠᠮᠲᠤ ᠪᠠᠷ | ᠬᠢᠮᠤᠷᠠᠯ ᠢ ᠰᠢᠢᠳᠪᠦᠷᠢᠯᠡᠬᠦ ᠵᠣᠬᠢᠰᠲᠠᠢ ᠠᠷᠭ᠎ᠠ ᠵᠠᠮ ᠢ ᠡᠷᠢᠵᠦ ᠣᠯᠤᠨ᠎ᠠ᠃ | ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠠᠳᠠᠯᠢᠬᠠᠨ ᠢᠶᠠᠷ ᠬᠥᠮᠦᠰ ᠤᠨ ᠰᠡᠳᠭᠢᠯ ᠢ ᠲᠠᠲᠠᠵᠤ ᠪᠤᠢ᠃ ᠫᠠᠯᠤᠰᠲ᠋ᠠᠶᠢᠨ | ᠢᠰᠷᠧᠯ ᠤᠨ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠷᠭ᠎ᠠ ᠵᠠᠮ ᠨᠢ ᠲᠤᠰᠠᠭᠠᠷ ᠲᠣᠭᠲᠠᠨᠢᠭᠰᠠᠨ ᠫᠠᠯᠤᠰᠲ᠋ᠠᠶᠢᠨ | ᠤᠯᠤᠰ ᠢ ᠪᠠᠶᠢᠭᠤᠯᠬᠤ ᠳᠤ ᠪᠠᠶᠢᠨ᠎ᠠ᠃ ᠫᠠᠯᠧᠰᠲ᠋ᠠᠶᠢᠨ ᠢᠰᠷᠧᠯ ᠤᠨ ᠪᠠᠶᠢᠳᠠᠯ ᠪᠠᠶᠢᠨ ᠳᠠᠬᠢᠨ ᠣᠷᠤᠭ᠎ᠠ ᠪᠤᠰᠬᠠᠭ᠎ᠠ | ᠪᠣᠯᠤᠭᠰᠠᠨ ᠤ ᠦᠨᠳᠦᠰᠦᠨ ᠰᠢᠯᠲᠠᠭᠠᠨ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠢᠢᠳᠪᠦᠷᠢ ᠶᠢ ᠦᠨᠡᠨ ᠬᠦ | ᠬᠡᠷᠡᠭᠵᠢᠭᠦᠯᠵᠦ ᠴᠢᠳᠠᠭᠰᠠᠨ ᠦᠭᠡᠢ᠂ ︽ᠬᠤᠶᠠᠷ ᠤᠯᠤᠰ ᠤᠨ ᠲᠥᠰᠦᠯ︾ ᠤᠨ ᠰᠠᠭᠤᠷᠢ ᠲᠠᠰᠤᠷᠠᠯᠳᠠ ᠦᠭᠡᠢ ᠢᠳᠡᠭᠳᠡᠵᠦ᠂ | ᠳᠤᠮᠳᠠᠳᠤ ᠳᠣᠷᠣᠨᠠᠲᠤ ᠶᠢᠨ ᠨᠠᠶᠢᠷᠠᠮᠳᠠᠯ ᠤᠨ ᠠᠬᠢᠴᠠ ᠵᠥᠪ ᠵᠠᠮ ᠠᠴᠠ ᠪᠠᠨ ᠭᠠᠷᠤᠬᠰᠠᠨ ᠳᠤ ᠪᠠᠶᠢᠨ᠎ᠠ᠃ ᠳᠤᠮᠳᠠᠳᠤ ᠹᠷᠠᠨᠼᠢ | ᠬᠤᠶᠠᠷ ᠤᠯᠤᠰ ᠫᠠᠯᠤᠰᠲ᠋ᠠᠶᠢᠨ ᠢᠰᠷᠧᠯ ᠤᠨ ᠠᠰᠠᠭᠤᠳᠠᠯ ᠤᠨ ᠲᠠᠯ᠎ᠠ ᠪᠠᠷ ᠮᠠᠰᠢ ᠤᠯᠠᠨ ᠬᠠᠮᠲᠤ ᠶᠢᠨ ᠲᠠᠨᠢᠯᠲᠠ ᠲᠠᠢ ᠶᠤᠮ᠂ | ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠳᠣᠷᠣᠨᠠᠲᠤ ᠶᠢᠨ ᠡᠩᠬᠡ ᠲᠠᠶᠢᠪᠤᠩ ᠢ ᠰᠡᠷᠭᠦᠭᠡᠬᠦ ᠳᠤ ᠬᠤᠪᠢ ᠨᠡᠮᠡᠷᠢ | ᠦᠵᠡᠭᠦᠯᠪᠡᠯ ᠵᠣᠬᠢᠨ᠎ᠠ᠃ | ᠺᠦᠩᠽᠢ ︽ᠡᠷᠭᠢᠮ ᠬᠦᠮᠦᠨ ᠡᠶᠡᠯᠳᠡᠭ ᠠᠳᠠᠯ᠎ᠠ ᠤᠯᠠᠨ ᠤ ᠠᠶ᠎ᠠ ᠶᠢ ᠦᠯᠦ ᠳᠠᠭᠠᠶᠤ᠂ ᠡᠨᠡ ᠨᠢ ᠰᠠᠶ᠋ᠢ ᠦᠨᠡᠨ | ᠬᠦᠴᠦᠷᠭᠡᠭ ᠪᠤᠯᠠᠢ︔ ᠬᠡᠪ ᠢᠶᠠᠨ ᠰᠠᠬᠢᠬᠤ ᠠᠴᠠ ᠪᠢᠰᠢ ᠦᠯᠦ ᠬᠡᠯᠪᠠᠶᠢᠮᠤᠢ᠂ ᠡᠨᠡ ᠨᠢ ᠰᠠᠶ᠋ᠢ ᠦᠨᠡᠨ ᠬᠦᠴᠦᠷᠭᠡᠭ ᠪᠤᠯᠠᠢ︾ | ᠭᠡᠵᠦ ᠬᠡᠯᠡᠪᠡ᠃ ᠹᠷᠠᠨᠼᠢ ᠶᠢᠨ ᠵᠣᠬᠢᠶᠠᠯᠴᠢ ᠷᠤᠮᠠᠨ · ᠷᠤᠯᠯᠠᠨᠳ᠋ ︽ᠪᠡᠶ᠎ᠡ ᠪᠠᠨ ᠳᠠᠭᠠᠭᠠᠵᠤ ᠰᠡᠳᠭᠢᠬᠦ ᠪᠠᠨ ᠪᠤᠯᠢᠬᠤ ᠪᠣᠯ | ᠠᠯᠢᠪᠠ ᠵᠣᠯ ᠪᠤᠰᠤ ᠶᠢᠨ ᠭᠤᠤᠯᠯᠠᠬᠴᠢ ᠮᠥᠨ︾ ᠭᠡᠵᠤ ᠬᠡᠯᠡᠪᠡ᠃ ᠳᠤᠮᠳᠠᠳᠤ ᠹᠷᠠᠨᠼᠢ ᠬᠤᠶᠠᠷ ᠪᠡᠶ᠎ᠡ ᠪᠠᠨ ᠳᠠᠭᠠᠭᠠᠵᠤ | ᠡᠵᠡᠨ ᠮᠡᠳᠡᠬᠦ ᠵᠣᠷᠢᠭ ᠰᠠᠨᠠᠭ᠎ᠠ ᠲᠠᠢ ᠲᠤᠮᠤ ᠤᠯᠤᠰ ᠪᠣᠯᠤᠭᠰᠠᠨ ᠤ ᠬᠤᠪᠢ ᠳᠤ᠂ ᠲᠡᠦᠬᠡ ᠶᠢᠨ ᠤᠷᠳᠤ ᠠᠶᠠᠨ ᠳᠤ | ᠤᠴᠠᠷᠠᠬᠤ ᠪᠦᠷᠢ ᠴᠥᠮ ᠯᠤᠲᠤ ᠶᠡᠭᠡ ᠡᠨᠧᠷᠭᠢ ᠤᠷᠬᠢᠯᠤᠨ ᠭᠠᠷᠴᠤ᠂ ᠳᠡᠯᠡᠬᠡᠢ ᠶᠢᠨ ᠤᠷᠤᠭᠰᠢᠯᠠᠬᠤ ᠴᠢᠭᠯᠡᠯ ᠢ | ᠨᠥᠯᠥᠭᠡᠯᠡᠳᠡᠭ᠃ ᠲᠡᠦᠬᠡ ᠶᠢᠨ ᠰᠢᠨ᠎ᠡ ᠠᠭᠤᠯᠵᠠᠷ ᠴᠡᠭ ᠳᠡᠭᠡᠷ᠎ᠡ ᠵᠣᠭᠰᠣᠵᠤ᠂ ᠪᠢᠳᠠ ᠭᠠᠷ ᠬᠤᠯᠪᠣᠨ ᠲᠠᠬᠢᠨ ᠮᠣᠷᠳᠠᠵᠤ᠂ | ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠨᠡᠩ ᠶᠡᠭᠡ ᠰᠢᠨ᠎ᠡ ᠠᠮᠵᠢᠯᠲᠠ ᠪᠦᠲᠦᠮᠵᠢ ᠤᠯᠬᠤ ᠶᠢ ᠠᠬᠢᠭᠤᠯᠵᠤ᠂ ᠬᠤᠶᠠᠷ | ᠤᠯᠤᠰ ᠪᠣᠯᠤᠨ ᠳᠡᠯᠡᠬᠡᠢ ᠳ᠋ᠠᠬᠢᠨ ᠳᠤ ᠪᠤᠶᠠᠨ ᠦᠢᠯᠡᠳᠦᠶ᠎ᠡ︕ | ︵ᠰᠢᠨᠬᠤᠸᠠ ᠬᠤᠷᠢᠶ᠎ᠠ ᠶᠢᠨ ᠫᠠᠷᠢᠰ ᠤᠨ 5 ᠰᠠᠷ᠎ᠠ ᠶᠢᠨ 5 ᠤ ᠴᠠᠬᠢᠯᠭᠠᠨ ᠮᠡᠳᠡᠭᠡ︶ |