ᠰᠢ ᠶᠢᠨ ᠫᠢᠩ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠧᠦ᠋ᠷᠣᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠤᠩᠳᠧᠯᠠᠶᠢ᠊ ᠊ ᠧᠨ ᠭᠤᠷᠪᠠᠨ ᠲᠠᠯ᠎ᠠ ᠶᠢᠨ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2024/5/7
   ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 6᠎ ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠫᠠᠷᠢᠰ ᠤᠨ ᠡᠸ᠋ᠯᠢᠰᠧ ᠣᠷᠳᠣᠨ ᠳᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ᠂ ᠧᠦ᠋ᠷᠣᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠤᠩᠳᠧᠯᠠᠶᠢ᠊ ᠊ ᠧᠨ ᠲᠠᠢ ᠳᠤᠮᠳᠠᠳᠤ ᠹᠷᠠᠨᠼᠢ ᠧᠦ᠋ᠷᠣᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠤᠳᠤᠷᠢᠳᠬᠤ ᠬᠥᠮᠦᠰ ᠤᠨ ᠭᠤᠷᠪᠠᠨ ᠲᠠᠯ᠎ᠠ ᠶᠢᠨ ᠠᠭᠤᠯᠵᠠᠯᠲᠠ ᠬᠢᠪᠡ᠃
257.png
   ᠰᠢ ᠶᠢᠨ ᠫᠢᠩ᠂ ᠳᠤᠮᠳᠠᠳᠤ ᠤᠯᠤᠰ ᠢᠮᠠᠭᠲᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠳᠤ ᠬᠠᠨᠳᠤᠵᠤ᠂ ᠧᠦ᠋ᠷᠣᠫᠠ ᠲᠢᠪ ᠢ ᠳᠤᠮᠳᠠᠳᠤ ᠤᠯᠤᠰ ᠤᠨ ᠣᠨᠴᠠᠯᠢᠭ ᠲᠠᠢ ᠲᠤᠮᠤ ᠤᠯᠤᠰ ᠤᠨ ᠭᠠᠳᠠᠭᠠᠳᠤ ᠬᠠᠷᠢᠯᠴᠠᠭᠠᠨ ᠤ ᠴᠢᠬᠤᠯᠠ ᠴᠢᠭᠯᠡᠯ ᠪᠣᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠬᠠᠨᠢᠲᠠᠨ ᠢᠶᠠᠨ ᠪᠣᠯᠭᠠᠵᠤ ᠪᠠᠶᠢᠨ᠎ᠠ᠂ ᠳᠤᠮᠳᠠᠳᠤ ᠹᠷᠠᠨᠼᠢ ᠶᠢᠨ ᠬᠠᠷᠢᠯᠴᠠᠭ᠎ᠠ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠬᠠᠷᠢᠯᠴᠠᠨ ᠠᠬᠢᠭᠤᠯᠵᠤ ᠬᠠᠮᠲᠤ ᠪᠠᠷ ᠬᠥᠭᠵᠢᠬᠦ ᠶᠢ ᠬᠦᠰᠡᠵᠦ ᠪᠠᠶᠢᠨ᠎ᠠ᠃ ᠣᠳᠣᠬᠠᠨ ᠤ ᠳᠡᠯᠡᠬᠡᠢ ᠵᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠂ ᠳᠤᠮᠳᠠᠳᠤ ᠧᠦ᠋ᠷᠣᠫᠠ ᠨᠢ ᠬᠤᠶᠠᠷ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠬᠠᠨᠢᠲᠠᠨ ᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠶᠠᠷᠢᠯᠴᠠᠭ᠎ᠠ ᠬᠠᠮᠲᠤᠷᠠᠯᠴᠠᠭ᠎ᠠ ᠬᠢᠬᠦ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠭᠦᠨᠵᠡᠭᠡᠶᠢᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠪᠠᠶᠢᠯᠳᠤᠬᠤ ᠪᠤᠳᠤᠯᠭ᠎ᠠ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠥᠷᠨᠢᠭᠦᠯᠵᠦ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠲᠣᠭᠲᠠᠭᠤᠨ ᠡᠷᠡᠭᠦᠯ ᠬᠥᠭᠵᠢᠯᠲᠡ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠳᠠᠰᠤᠷᠠᠯᠳᠠ ᠦᠬᠡᠢ ᠰᠢᠨ᠎ᠡ ᠬᠤᠪᠢ ᠨᠡᠮᠡᠷᠢ ᠦᠵᠡᠭᠦᠯᠪᠡᠯ ᠵᠣᠬᠢᠨ᠎ᠠ ᠬᠡᠵᠥ ᠵᠢᠭᠠᠵᠥ ᠭᠠᠷᠭᠠᠪᠠ᠃   ᠰᠢ ᠶᠢᠨ ᠫᠢᠩ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠪᠠᠶᠢᠵᠤ᠂ ᠴᠢᠭᠯᠡᠬᠦᠯᠬᠦ ᠦᠭᠡᠢ᠂ ᠲᠦᠰᠢᠭᠯᠡᠬᠦ ᠦᠭᠡᠢ᠂ ᠪᠠᠰᠠ ᠭᠤᠷᠪᠠᠳᠠᠬᠴᠢ ᠡᠲᠡᠭᠡᠳ ᠲᠤ ᠬᠢᠵᠠᠭᠠᠷᠯᠠᠭᠳᠠᠬᠤ ᠦᠭᠡᠢ ᠶᠤᠮ᠃ ᠧᠦ᠋ᠷᠣᠫᠠ ᠲᠢᠪ ᠤᠨ ᠤᠯᠤᠰ ᠤᠳ ᠤᠨ ᠬᠤᠯᠪᠣᠭᠠᠨ ᠤ ᠪᠠᠶᠢᠭᠤᠯᠤᠮᠵᠢ ᠶᠢ ᠳᠤᠮᠳᠠᠳᠤ ᠤᠯᠤᠰ ᠤᠨ ᠲᠤᠬᠠᠢ ᠵᠦᠪ ᠲᠠᠨᠢᠯᠳᠠ ᠲᠠᠢ ᠪᠤᠯᠵᠤ᠂ ᠲᠤᠮᠳᠠᠳᠤ ᠤᠯᠤᠰ ᠲᠤ ᠢᠳᠡᠪᠬᠢᠲᠡᠢ ᠲᠥᠷᠥ ᠶᠢᠨ ᠪᠣᠳᠣᠯᠭ᠎ᠠ ᠲᠣᠭᠲᠠᠭᠠᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠤᠨ ᠴᠢᠬᠤᠯᠠ ᠶᠡᠭᠡ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠬᠦᠨᠳᠦᠳᠭᠡᠵᠦ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠤᠯᠤᠰ ᠲᠦᠷᠦ ᠶᠢᠨ ᠰᠠᠭᠤᠷᠢ ᠪᠣᠯᠤᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ᠰᠢᠨ᠎ᠡ ᠨᠢᠭᠡ ᠤᠳᠠᠭ᠎ᠠ ᠶᠢᠨ ᠳᠤᠮᠳᠠᠳᠤ ᠧᠦ᠋ᠷᠣᠫᠠ ᠶᠢᠨ ᠤᠳᠤᠷᠢᠳᠬᠤ ᠬᠥᠮᠦᠰ ᠤᠨ ᠠᠭᠤᠯᠵᠠᠯᠲᠠ ᠵᠢᠴᠢ ᠪᠠᠶᠢᠯᠳᠤᠬᠤ ᠪᠤᠳᠤᠯᠭ᠎ᠠ᠂ ᠠᠵᠤ ᠠᠬᠤᠢ ᠠᠷᠠᠯᠵᠢᠶ᠎ᠠ᠂ ᠪᠣᠬᠢᠷᠲᠤᠯ ᠦᠭᠡᠢ᠂ ᠲᠣᠭᠠᠴᠢᠯᠠᠭᠰᠠᠨ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢ ᠰᠠᠶᠢᠲᠤᠷ ᠪᠡᠯᠡᠳᠭᠡᠨ ᠡᠷᠬᠢᠯᠡᠵᠦ᠂ ᠲᠣᠭᠲᠠᠭᠤᠨ ᠬᠠᠷᠢᠯᠴᠠᠨ ᠢᠲᠡᠭᠡᠯᠴᠡᠭᠰᠡᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠨᠢᠲᠠᠨ ᠤ ᠬᠠᠷᠢᠯᠴᠠᠭ᠎ᠠ ᠶᠢ ᠪᠤᠢ ᠪᠣᠯᠭᠠᠶ᠎ᠠ᠃ ᠲᠤᠮᠳᠠᠳᠤ ᠤᠯᠤᠰ ᠡᠸᠦ᠋ᠷᠦᠫᠡ ᠶᠢᠨ ᠤᠯᠤᠰ ᠤᠳ ᠲᠤ ᠦᠯᠤ ᠸᠢᠰᠠᠯᠠᠬᠤ ᠲᠥᠷᠥ ᠶᠢᠨ ᠪᠣᠳᠣᠯᠭ᠎ᠠ ᠪᠠ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠳᠤᠮᠳᠠᠳᠤ ᠤᠯᠤᠰ ᠲᠤ ᠢᠷᠡᠬᠦ ᠳᠥᠭᠦᠮ ᠲᠥᠳᠡ ᠲᠣᠬᠢᠷᠠᠭᠤᠯᠤᠯᠲᠠ ᠶᠢ ᠰᠠᠶᠢᠲᠤᠷ ᠬᠡᠷᠡᠭᠯᠡᠵᠦ᠂ ᠠᠷᠠᠳ ᠤᠨ ᠬᠤᠭᠤᠷᠤᠨᠳᠤᠬᠢ ᠪᠠ ᠣᠷᠣᠨ ᠨᠤᠲᠤᠭ ᠤᠨ ᠶᠠᠪᠤᠯᠴᠠᠭ᠎ᠠ᠂ ᠰᠤᠷᠭᠠᠨ ᠬᠥᠮᠥᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠵᠣᠷᠢᠭᠵᠢᠭᠤᠯᠤᠨ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢ ᠰᠠᠶᠢᠵᠢᠷᠠᠭᠤᠯᠬᠤ ᠠᠷᠠᠳ ᠤᠨ ᠰᠠᠨᠠᠭᠠᠨ ᠤ ᠰᠠᠭᠤᠷᠢ ᠪᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠰᠠᠶᠢᠵᠢᠷᠠᠭᠤᠯᠤᠶ᠎ᠠ ᠭᠡᠵᠤ ᠴᠢᠬᠤᠯᠠᠴᠢᠯᠠᠪᠠ᠃   ᠰᠢ ᠶᠢᠨ ᠫᠢᠩ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠨᠡᠭᠡᠭᠡᠯᠲᠡᠲᠦ ᠥᠷᠢᠰᠥᠯᠳᠦᠭᠡᠨ ᠤ ᠳᠤᠮᠳᠠ ᠵᠢᠩᠬᠢᠨᠢ ᠴᠢᠳᠠᠪᠤᠷᠢ ᠶᠢ ᠪᠣᠯᠪᠠᠰᠤᠷᠠᠭᠤᠯᠵᠤ᠂ ᠲᠡᠷᠢᠬᠦᠨ ᠤ ᠦᠢᠯᠡᠳᠪᠤᠷᠢᠯᠡᠯ ᠤᠨ ᠴᠢᠳᠠᠪᠤᠷᠢ ᠶᠢ ᠲᠦᠯᠦᠭᠡᠯᠡᠵᠤ᠂ ᠪᠦᠬᠦ ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠦᠬᠦ ᠪᠥᠮᠪᠥᠷᠴᠡᠭ ᠤᠨ ᠵᠣᠭᠤᠰ ᠮᠠᠭᠤᠳᠠᠬᠤ ᠳᠠᠷᠤᠯᠲᠠ ᠶᠢ ᠨᠠᠮᠳᠠᠭᠤᠯᠤᠬᠰᠠᠨ ᠪᠦ᠋ᠭᠡᠳ ᠪᠠᠰᠠ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠣᠯᠤᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠡᠢ᠃ ᠬᠠᠷᠢᠴᠠᠩᠭᠤᠢ ᠳᠠᠪᠠᠭᠤᠯᠢᠭ ᠪᠤᠶᠤ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠵᠣᠭᠰᠤᠴᠠ ᠠᠴᠠ ᠦᠵᠡᠪᠡᠯ᠂ ︽ᠳᠤᠮᠳᠠᠳᠤ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ ᠠᠰᠠᠭᠤᠳᠠᠯ︾ ᠭᠡᠳᠡᠭ ᠨᠢ ᠪᠦᠷ ᠤᠷᠤᠰᠢᠬᠤ ᠦᠭᠡᠢ᠃ ᠳᠤᠮᠳᠠᠳᠤ ᠧᠦ᠋ᠷᠣᠫᠠ ᠶᠢᠨ ᠬᠠᠮᠲᠤᠷᠠᠯᠴᠠᠭᠠᠨ ᠤ ᠮᠥᠨ ᠴᠢᠨᠠᠷ ᠪᠣᠯ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠦᠷᠢᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠤ᠂ ᠬᠤᠶᠠᠷ ᠲᠠᠯ᠎ᠠ ᠪᠠᠷ ᠢᠶᠠᠨ ᠪᠣᠬᠢᠷᠲᠤᠯ ᠦᠭᠡᠢ ᠪᠠ ᠲᠣᠭᠠᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠤᠮᠳᠠ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠪᠠ ᠯᠤᠲᠤ ᠶᠡᠭᠡ ᠬᠠᠮᠲᠤᠷᠠᠯᠴᠠᠭᠠᠨ ᠤ ᠣᠷᠣᠨ ᠵᠠᠢ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠠᠵᠤ ᠠᠬᠤᠢ ᠠᠷᠠᠯᠵᠢᠶᠠᠨ ᠤ ᠮᠦᠷᠬᠦᠯᠳᠦᠭᠡᠨ ᠢᠶᠠᠨ ᠵᠤᠬᠢᠰᠳᠠᠢ ᠰᠢᠢᠳᠪᠦᠷᠢᠯᠡᠵᠦ᠂ ᠬᠤᠶᠠᠷ ᠲᠠᠯ᠎ᠠ ᠶᠢᠨ ᠵᠦᠢ ᠶᠤᠰᠤᠨ ᠤ ᠠᠩᠬᠠᠷᠴᠤ ᠪᠠᠶᠢᠭ᠎ᠠ ᠠᠰᠠᠭᠤᠳᠠᠯ ᠢ ᠬᠠᠷᠠᠭᠠᠯᠵᠠᠪᠡᠯ ᠵᠤᠬᠢᠨ᠎ᠠ ᠭᠡᠵᠤ ᠵᠢᠭᠠᠵᠤ ᠭᠠᠷᠭᠠᠪᠠ᠃   ᠮᠠᠶᠢᠺᠷᠤᠨ᠂ ᠡᠨᠡ ᠵᠢᠯ ᠪᠣᠯ ᠹᠷᠠᠨᠼᠢ ᠳᠤᠮᠳᠠᠳᠤ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠤᠨ᠎ᠠ᠂ ᠹᠷᠠᠨᠼᠢ ᠳᠤᠮᠳᠠᠳᠤ ᠶᠢᠨ ᠬᠠᠮᠲᠤᠷᠠᠯᠴᠠᠭ᠎ᠠ ᠮᠠᠰᠢ ᠤᠯᠠᠨ ᠴᠢᠬᠤᠯᠠ ᠦᠷ᠎ᠡ ᠪᠦᠲᠦᠭᠡᠯ ᠣᠯᠵᠠᠢ᠃ ᠲᠡᠷᠢᠭᠦᠯᠡᠭᠴᠢ ᠰᠢ ᠶᠢᠨ ᠫᠢᠩ ᠹᠷᠠᠨᠼᠢ ᠳᠤ ᠭᠤᠷᠪᠠᠳᠤᠭᠠᠷ ᠤᠳᠠᠭ᠎ᠠ ᠶᠢᠨ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠬᠤ ᠬᠤᠭᠤᠴᠠᠭᠠᠨ ᠳᠠᠭᠠᠨ ᠹᠷᠠᠨᠼᠢ ᠳᠤᠮᠳᠠᠳᠤ ᠧᠦ᠋ᠷᠣᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠦᠰ ᠤᠨ ᠭᠤᠷᠪᠠᠨ ᠲᠠᠯ᠎ᠠ ᠶᠢᠨ ᠠᠭᠤᠯᠵᠠᠯᠲᠠ ᠬᠢᠭᠰᠡᠨ ᠳᠤ ᠮᠠᠰᠢ ᠪᠠᠶᠠᠷᠯᠠᠵᠤ ᠪᠠᠶᠢᠨ᠎ᠠ᠃ ᠡᠨᠡ ᠪᠣᠯ ᠥᠩᠭᠡᠷᠡᠭᠰᠡᠨ ᠬᠡᠳᠦᠨ ᠤᠳᠠᠭ᠎ᠠ ᠶᠢᠨ ᠹᠷᠠᠨᠼᠢ ᠳᠤᠮᠳᠠᠳᠤ ᠧᠦ᠋ᠷᠣᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠦᠰ ᠤᠨ ᠭᠤᠷᠪᠠᠨ ᠲᠠᠯ᠎ᠠ ᠶᠢᠨ ᠠᠭᠤᠯᠵᠠᠯᠲᠠ ᠶᠢᠨ ᠦᠷᠭᠦᠯᠵᠢᠯᠡᠯ ᠪᠣᠯᠬᠤ ᠪᠥᠭᠡᠳ ᠪᠠᠰᠠ ᠴᠦ ᠡᠯ᠎ᠡ ᠵᠦᠢᠯ ᠤᠨ ᠤᠯᠠᠨ ᠤᠯᠤᠰ ᠤᠨ ᠥᠷᠢᠰᠥᠯᠳᠦᠭᠡᠨ ᠢ ᠠᠷᠭᠠᠴᠠᠭᠠᠬᠤ ᠲᠤᠯᠭᠠᠮ ᠬᠡᠷᠡᠭᠴᠡᠭᠡ ᠪᠣᠯᠤᠨ᠎ᠠ᠃ ᠣᠳᠣᠬᠠᠨ ᠤ ᠳᠡᠯᠡᠬᠡᠢ ᠵᠢᠷᠲᠢᠨᠴᠦ ᠴᠢᠬᠤᠯᠠ ᠶᠡᠭᠡ ᠥᠷᠢᠰᠥᠯᠳᠦᠭᠡᠨ ᠳᠤ ᠲᠤᠯᠭᠠᠷᠠᠵᠤ᠂ ᠳᠡᠯᠡᠬᠡᠢ ᠶᠢᠨ ᠪᠠᠶᠢᠳᠠᠯ ᠵᠠᠩᠭᠢᠯᠠᠭ᠎ᠠ ᠶᠢᠨ ᠡᠷᠭᠢᠯᠲᠡ ᠶᠢᠨ ᠴᠡᠭ ᠲᠤ ᠣᠷᠣᠰᠢᠵᠤ ᠪᠠᠶᠢᠨ᠎ᠠ᠂ ᠹᠷᠠᠨᠼᠢ ᠪᠣᠯᠤᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠬᠢᠨ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠴᠢᠬᠤᠯᠠᠳᠠᠢ ᠪᠠᠶᠢᠨ᠎ᠠ᠂ ᠡᠨᠡ ᠨᠢ ᠧᠦ᠋ᠷᠣᠫᠠ ᠲᠢᠪ ᠤᠨ ᠢᠷᠡᠭᠡᠳᠦᠢ ᠳᠤ ᠬᠤᠯᠪᠣᠭᠳᠠᠨ᠎ᠠ᠃ ᠹᠷᠠᠨᠼᠢ ᠶᠢᠨ ᠬᠢᠨ ᠳᠤᠮᠳᠠᠳᠤ ᠤᠯᠤᠰ ᠯᠤᠭ᠎ᠠ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠹᠷᠠᠨᠼᠢ ᠳᠤᠮᠳᠠᠳᠤ᠂ ᠧᠦ᠋ᠷᠣᠫᠠ ᠳᠤᠮᠳᠠᠳᠤ ᠶᠢᠨ ᠬᠤᠭᠤᠷᠣᠨᠳᠣᠬᠢ ᠢᠲᠡᠭᠡᠯᠴᠡᠭᠡ ᠪᠠ ᠨᠥᠬᠦᠷᠯᠡᠯ ᠢᠶᠠᠨ ᠵᠤᠵᠠᠭᠠᠳᠬᠠᠬᠤ ᠶᠢ ᠬᠦᠰᠡᠵᠦ ᠪᠠᠶᠢᠨ᠎ᠠ᠃ ᠧᠦ᠋ᠷᠣᠫᠠ ᠶᠢᠨ ᠬᠢᠨ ︽ᠬᠠᠷᠢᠴᠠᠭ᠎ᠠ ᠲᠠᠰᠤᠯᠬᠤ︾ ᠢᠢ ᠵᠥᠪᠰᠢᠶᠡᠷᠡᠬᠦ ᠥᠬᠡᠶ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠧᠦ᠋ᠷᠣᠫᠠ ᠳᠤ ᠢᠷᠡᠵᠦ ᠪᠠᠯᠠ ᠣᠷᠣᠭᠤᠯᠵᠤ ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠧᠦ᠋ᠷᠣᠫᠠ ᠲᠢᠪ ᠤᠨ ᠥᠷᠲᠡᠭ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ᠃ ᠹᠷᠠᠨᠼᠢ ᠶᠢᠨ ᠬᠢᠨ ᠳᠤᠮᠳᠠᠳᠤ ᠤᠯᠤᠰ ᠯᠤᠭ᠎ᠠ ᠨᠢᠭᠲᠠ ᠬᠠᠮᠲᠤᠷᠠᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ ᠲᠠᠯᠠᠢ ᠲᠠᠩᠭᠢᠰ ᠤᠨ ᠤᠯᠠᠨ ᠶᠠᠩᠵᠤᠲᠤ ᠴᠢᠨᠠᠷ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠠᠷᠭᠠᠴᠠᠭᠠᠬᠤ ᠶᠢ ᠬᠦᠰᠡᠵᠦ ᠪᠠᠶᠢᠨ᠎ᠠ ᠬᠡᠵᠤ ᠢᠯᠡᠳᠬᠡᠪᠡ᠃   ᠹᠤᠩᠳᠧᠯᠠᠢ᠊ ᠊ ᠡᠸ᠋ᠨ᠂ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠰᠠᠶᠢᠨ ᠪᠠᠶᠢᠨ᠎ᠠ᠂ ᠢᠷᠡᠬᠦ ᠵᠢᠯ ᠪᠣᠯ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠪᠣᠯᠤᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠤᠨ᠎ᠠ᠃ ᠳᠤᠮᠳᠠᠳᠤ ᠤᠯᠤᠰ ᠤᠨ ᠪᠦᠬᠦ ᠪᠥᠮᠪᠥᠷᠴᠡᠭ ᠤᠨ ᠬᠡᠷᠡᠭ ᠶᠠᠪᠤᠳᠠᠯ ᠳᠠᠬᠢ ᠪᠠᠶᠢᠷᠢ ᠰᠠᠭᠤᠷᠢ ᠦᠢᠯᠡᠳᠦᠯ ᠮᠠᠰᠢ ᠴᠢᠬᠤᠯᠠ ᠶᠤᠮ᠂ ᠳᠤᠮᠳᠠᠳᠤ ᠤᠯᠤᠰ ᠯᠤᠭ᠎ᠠ ᠰᠠᠶᠢᠨ ᠰᠠᠶᠢᠬᠠᠨ ᠬᠠᠷᠢᠯᠴᠠᠭ᠎ᠠ ᠪᠠᠨ ᠪᠠᠲᠤᠯᠠᠬᠤ ᠨᠢ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠳᠤ ᠲᠦᠢᠯ ᠤᠨ ᠴᠢᠬᠤᠯᠠ ᠶᠤᠮ᠂ ᠡᠨᠡ ᠨᠢ ᠪᠠᠰᠠ ᠠᠭᠤᠷ ᠠᠮᠢᠰᠬᠤᠯ ᠤᠨ ᠬᠤᠪᠢᠷᠠᠯᠲᠠ᠂ ᠦᠺᠷᠠᠶᠢᠨ ᠤ ᠬᠢᠮᠤᠷᠠᠯ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠨᠡᠩ ᠰᠠᠶᠢᠲᠤᠷ ᠠᠷᠭᠠᠴᠠᠭᠠᠵᠤ ᠳᠡᠶᠢᠯᠬᠦ ᠡᠰᠡᠬᠦ ᠶᠢ ᠲᠣᠭᠲᠠᠭᠠᠨ᠎ᠠ᠃ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠳᠤᠮᠳᠠᠳᠤ ᠤᠯᠤᠰ ᠯᠤᠭ᠎ᠠ ᠬᠠᠷᠢᠯᠴᠠᠨ ᠬᠦᠨᠳᠦᠳᠭᠡᠵᠦ᠂ ᠠᠳᠠᠯᠢ ᠲᠠᠯ᠎ᠠ ᠪᠠᠨ ᠡᠷᠢᠵᠦ ᠵᠥᠷᠶ᠊ ᠡᠶ᠎ᠡ ᠪᠠᠨ ᠦᠯᠡᠳᠡᠭᠡᠵᠦ᠂ ᠢᠲᠡᠭᠡᠯᠴᠡᠭᠡ ᠪᠠᠨ ᠨᠡᠮᠡᠭᠳᠡᠭᠦᠯᠵᠦ᠂ ᠠᠳᠡᠭᠦᠦ ᠣᠶᠢᠯᠠᠭᠠᠯᠲᠠ ᠭᠠᠷᠬᠤ ᠠᠴᠠ ᠵᠠᠶᠢᠯᠠᠰᠭᠢᠵᠦ᠂ ᠤᠯᠠᠨ ᠤᠯᠤᠰ ᠤᠨ ᠬᠠᠤᠯᠢ ᠳᠤ ᠰᠠᠭᠤᠷᠢᠯᠠᠭᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ ᠪᠣᠯᠤᠨ ᠬᠥᠭᠵᠢᠯ ᠴᠡᠴᠡᠭᠯᠡᠯ ᠢ ᠠᠬᠢᠭᠤᠯᠬᠤ ᠶᠢ ᠬᠦᠰᠡᠵᠦ ᠪᠠᠶᠢᠨ᠎ᠠ᠃ ᠧᠦ᠋ᠷᠣᠫᠠ ᠶᠢᠨ ᠬᠢᠨ ᠳᠤᠮᠳᠠᠳᠤ ᠶᠢᠨ ᠲᠠᠯ᠎ᠠ ᠶᠢᠨ ᠪᠣᠬᠢᠷᠲᠤᠯ ᠦᠭᠡᠢ ᠬᠥᠭᠵᠢᠯᠲᠡ ᠶᠢᠨ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠪᠠ ᠣᠯᠤᠭᠰᠠᠨ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ᠂ ᠳᠤᠮᠳᠠᠳᠤ ᠶᠢᠨ ᠲᠠᠯ᠎ᠠ ᠶᠢᠨ ᠲᠤᠰ ᠪᠡᠶ᠎ᠡ ᠶᠢᠨ ᠬᠥᠭᠵᠢᠯᠲᠡ ᠪᠠᠨ ᠬᠠᠮᠠᠭᠠᠯᠠᠬᠤ ᠲᠠᠯ᠎ᠠ ᠪᠠᠷ ᠬᠢ ᠵᠦᠢ ᠶᠣᠰᠣᠨ ᠤ ᠡᠷᠬᠡ ᠠᠰᠢᠭ ᠢ ᠮᠡᠳᠡᠷᠡᠵᠦ᠂ ᠳᠤᠮᠳᠠᠳᠤ ‍ᠤᠮᠤᠰ ᠯᠤᠭ᠎ᠠ ᠦᠷᠭᠦᠯᠵᠢᠯᠡᠨ ᠦᠨᠡᠨᠴᠢ ᠪᠠᠷ ᠶᠠᠷᠢᠯᠴᠠᠵᠤ᠂ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠬᠡᠵᠤ ᠢᠯᠡᠳᠬᠡᠪᠡ᠃   ᠦᠺᠷᠠᠶᠢᠨ ᠤ ᠬᠢᠮᠤᠷᠠᠯ ᠤᠨ ᠲᠤᠬᠠᠶ ᠰᠢ ᠶᠢᠨ ᠫᠢᠩ᠂ ᠳᠤᠮᠳᠠᠳᠤ ᠢᠢᠨ ᠲᠠᠯ᠎ᠠ᠂ ᠹᠷᠠᠨᠼᠢ ᠢᠢᠨ ᠲᠠᠯ᠎ᠠ ᠪᠣᠯᠤᠨ ᠧᠦ᠋ᠷᠣᠫᠠ ᠶᠢᠨ ᠲᠠᠯ᠎ᠠ ᠶᠢᠨ ᠬᠢᠨ ᠴᠥᠮ ᠠᠯᠢ ᠲᠦᠷᠭᠡᠨ ᠢᠶᠠᠷ ᠲᠤᠯᠤᠯᠳᠤᠬᠤ ᠪᠠᠨ ᠪᠤᠯᠢᠵᠤ ᠳᠠᠶᠢᠨ ᠵᠣᠭᠰᠣᠬᠤ ᠶᠢ ᠬᠦᠰᠡᠵᠦ ᠪᠠᠶᠢᠨ᠎ᠠ᠂ ᠧᠦ᠋ᠷᠣᠫᠠ ᠲᠢᠪ ᠤᠨ ᠡᠩᠬᠡ ᠲᠠᠶᠢᠪᠤᠩ ᠢ ᠰᠡᠷᠭᠦᠭᠡᠵᠦ᠂ ᠦᠺᠷᠠᠶᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠶᠢ ᠳᠡᠮᠵᠢᠵᠦ ᠪᠠᠶᠢᠨ᠎ᠠ᠃ ᠪᠢᠳᠡ ᠲᠠᠶᠢᠨ ᠤ ᠲᠡᠰ ᠳᠡᠪᠰᠢᠬᠦ ᠶᠢ ᠬᠠᠮᠲᠤ ᠪᠠᠷ ᠡᠰᠡᠷᠭᠦᠴᠡᠵᠦ᠂ ᠨᠠᠶᠢᠷᠠᠮᠳᠠᠯ ᠢᠶᠠᠷ ᠬᠡᠯᠡᠯᠴᠡᠭᠡ ᠬᠢᠬᠦ ᠳᠤ ᠬᠠᠮᠲᠤ ᠪᠠᠷ ᠨᠥᠬᠦᠴᠡᠯ ᠪᠦᠷᠢᠯᠳᠦᠭᠦᠯᠵᠦ᠂ ᠤᠯᠠᠨ ᠤᠯᠤᠰ ᠤᠨ ᠡᠨᠧᠷᠭᠢ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠬᠤ ᠬᠡᠷᠡᠭᠳᠡᠢ᠃ ᠳᠤᠮᠳᠠᠳᠤ ᠶᠢᠨ ᠲᠠᠯ᠎ᠠ ᠪᠣᠯ ᠦᠺᠷᠠᠶᠢᠨ ᠤ ᠬᠢᠮᠤᠷᠠᠯ ᠢ ᠡᠭᠦᠰᠭᠡᠭᠴᠢ ᠪᠢᠰᠢ᠂ ᠲᠤᠬᠠᠶ ᠶᠢᠨ ᠲᠠᠯ᠎ᠠ ᠪᠢᠰᠢ᠂ ᠲᠡᠳᠡᠨ ᠢ ᠢᠳᠬᠠᠨ ᠡᠪᠰᠡᠭᠦᠯᠬᠦ ᠶᠢᠨ ᠲᠥᠯᠥᠭᠡ ᠵᠢᠳᠬᠦᠵᠦ᠂ ᠬᠡᠯᠡᠯᠴᠡᠭᠡ ᠬᠢᠬᠦ ᠶᠢ ᠠᠬᠢᠭᠤᠯᠬᠤ ᠶᠢᠨ ᠲᠥᠯᠥᠭᠡ ᠴᠢᠳᠠᠯ ᠢᠶᠠᠷ ᠢᠶᠠᠨ ᠴᠢᠷᠮᠠᠶᠢᠭᠰᠠᠭᠠᠷ ᠢᠷᠡᠭᠰᠡᠨ ᠶᠤᠮ᠃ ᠳᠤᠮᠳᠠᠳᠤ ᠶᠢᠨ ᠲᠠᠯ᠎ᠠ ᠶᠢᠨ ᠪᠤᠰᠤᠳᠴᠢ ᠲᠥᠪ ᠭᠤᠣᠯᠴᠢ ᠵᠣᠭᠰᠣᠯᠲᠠ ᠪᠠ ᠪᠦᠲᠦᠭᠡᠯᠴᠢ ᠴᠢᠨᠠᠷᠲᠠᠢ ᠦᠢᠯᠡᠳᠦᠯ ᠨᠢ ᠳᠡᠯᠡᠬᠡᠢ ᠨᠡᠶᠢᠭᠡᠮ ᠳᠤ ᠥᠷᠭᠡᠨ ᠢᠶᠠᠷ ᠮᠡᠳᠡᠷᠡᠭᠳᠡᠪᠡ᠃ ᠳᠤᠮᠳᠠᠳᠤ ᠢᠢᠨ ᠲᠠᠯ᠎ᠠ ᠳᠤᠷᠠᠲᠠᠶ᠎ᠠ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ᠦᠷᠭᠦᠯᠵᠢᠯᠡᠨ ᠤᠯᠤᠯᠴᠠᠭ᠎ᠠ ᠪᠠᠨ ᠪᠠᠲᠤᠯᠠᠨ᠎ᠠ ᠭᠡᠵᠦ ᠵᠢᠭᠠᠵᠤ ᠭᠠᠷᠭᠠᠪᠠ᠃   ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠲᠤᠬᠠᠢ ᠰᠢ ᠶᠢᠨ ᠫᠢᠩ᠂ ᠣᠳᠣᠬᠠᠨ ᠤ ᠲᠤᠯᠭᠠᠮ ᠡᠭᠦᠷᠭᠡ ᠪᠣᠯ ᠲᠤᠯᠤᠯᠳᠤᠬᠤ ᠪᠠᠨ ᠪᠤᠯᠢᠵᠤ ᠲᠠᠶᠢᠨ ᠵᠣᠭᠰᠣᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠮᠤᠭ ᠠᠴᠠ ᠴᠢᠬᠤᠯᠠ ᠨᠢ ᠬᠥᠮᠦᠯᠢᠭ ᠦᠵᠡᠯ ᠤᠨ ᠠᠪᠤᠷᠠᠨ ᠲᠤᠰᠠᠯᠠᠯᠲᠠ ᠶᠢ ᠪᠠᠲᠤᠯᠠᠬᠤ ᠶᠠᠪᠤᠳᠠᠯ ᠪᠣᠯᠤᠨ᠎ᠠ᠂ ᠦᠨᠳᠦᠰᠦᠨ ᠭᠠᠷᠬᠤ ᠵᠠᠮ ᠪᠣᠯ ︽ᠬᠤᠶᠠᠷ ᠤᠯᠤᠰ ᠤᠨ ᠲᠥᠰᠦᠯ︾᠎ ᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠫᠠᠯᠤᠰᠲ᠋ᠠᠶᠢᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠵᠢᠩᠬᠢᠨᠢ ᠭᠡᠰᠢᠭᠦᠨ ᠤᠯᠤᠰ ᠪᠣᠯᠬᠤ ᠶᠢ ᠬᠦᠯᠢᠶᠡᠨ ᠠᠪᠬᠤ ᠶᠢ ᠳᠤᠮᠳᠠᠳᠤ ᠶᠢᠨ ᠲᠠᠯ᠎ᠠ ᠳᠡᠮᠵᠢᠨ᠎ᠠ᠃ ᠫᠠᠯᠤᠰᠲ᠋ᠠᠶᠢᠨ ᠢᠰᠷᠧᠯ ᠤᠨ ᠠᠰᠠᠭᠤᠳᠠᠯ ᠳᠡᠭᠡᠷ᠎ᠡ ᠳᠤᠮᠳᠠᠳᠤ ᠧᠦ᠋ᠷᠣᠫᠠ ᠮᠠᠰᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠃ ᠳᠤᠮᠳᠠᠳᠤ ᠶᠢᠨ ᠲᠠᠯ᠎ᠠ ᠳᠤᠷᠠᠲᠠᠶ᠎ᠠ ᠧᠦ᠋ᠷᠣᠫᠠ ᠶᠢᠨ ᠲᠠᠯ᠎ᠠ ᠬᠢᠨ ᠲᠠᠢ ᠬᠠᠮᠲᠤ ᠪᠠᠷ᠂ ᠨᠠᠩ ᠶᠡᠭᠡ ᠬᠡᠪᠴᠢᠶᠡᠨ ᠤ᠂ ᠨᠠᠩ ᠡᠷᠬᠡ ᠰᠦᠷᠳᠤ᠂ ᠨᠠᠩ ᠪᠣᠳᠠᠲᠤ ᠦᠷ᠎ᠡ ᠪᠦᠲᠦᠮᠵᠢᠲᠡᠶ ᠣᠯᠠᠨ ᠤᠯᠤᠰ ᠤᠨ ᠡᠩᠬᠡ ᠲᠠᠶᠢᠪᠤᠩ ᠤᠨ ᠬᠤᠷᠠᠯ ᠢ ᠡᠷᠲᠡᠬᠡᠨ ᠬᠤᠷᠠᠯᠳᠤᠭᠤᠯᠬᠤ ᠶᠢ ᠳᠡᠮᠵᠢᠵᠦ᠂ ︽ᠬᠤᠶᠠᠷ ᠤᠯᠤᠰ ᠤᠨ ᠲᠥᠰᠦᠯ︾᠎ ᠢ ᠨᠠᠶᠢᠳᠠᠪᠤᠷᠢᠵᠢᠭᠤᠯᠬᠤ ᠪᠣᠳᠠᠲᠠᠶ ᠴᠠᠭ ᠤᠨ ᠬᠦᠰᠦᠨᠦᠭᠲᠦ ᠪᠣᠯᠤᠨ ᠵᠠᠮ ᠤᠨ ᠵᠢᠷᠤᠭ ᠢ ᠲᠣᠭᠲᠠᠭᠠᠵᠤ᠂ ᠫᠠᠯᠧᠰᠲ᠋ᠠᠶᠢᠨ ᠤ ᠠᠰᠠᠭᠤᠳᠠᠯ ᠢ ᠡᠷᠲᠡᠬᠡᠨ ᠪᠥᠬᠦ ᠲᠠᠯ᠎ᠠ ᠪᠠᠷ᠂ ᠲᠥᠪ ᠭᠤᠤᠯᠴᠢ᠂ ᠤᠳᠠᠭᠠᠨ ᠳᠠᠭᠠᠭᠠᠮᠠᠭᠠᠶ ᠪᠠᠷ ᠰᠢᠢᠳᠪᠦᠷᠢᠯᠡᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号