ᠰᠢ ᠶᠢᠨ ᠫᠢᠩ ᠮᠠᠶᠢᠺᠷᠤᠨ ᠤ ᠤᠭᠲᠤᠬᠤ ᠳᠠᠶᠢᠯᠠᠯᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/5/7
   ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 6᠎ ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠫᠠᠷᠢᠰ ᠤᠨ ᠡᠸ᠋ᠯᠢᠰᠧ ᠣᠷᠳᠣᠨ ᠳᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠪᠣᠯᠤᠨ ᠲᠡᠭᠦᠨ ᠤ ᠬᠠᠳᠤᠨ ᠪᠦᠯᠢᠵᠢᠲ ᠤᠨ ᠡᠷᠬᠢᠯᠡᠭᠰᠡᠨ ᠤᠭᠲᠤᠬᠤ ᠳᠠᠶᠢᠯᠠᠯᠭ᠎ᠠ ᠳᠤ ᠣᠷᠣᠯᠴᠠᠪᠠ᠃   ᠰᠢ ᠶᠢᠨ ᠫᠢᠩ ᠪᠣᠯᠤᠨ ᠫᠧᠩ ᠯᠢ ᠶᠤᠸᠠᠨ ᠬᠦᠷᠴᠦ ᠢᠷᠡᠬᠦ ᠳᠤ᠂ ᠮᠠᠶᠢᠺᠷᠤᠨ ᠪᠣᠯᠤᠨ ᠪᠦᠯᠢᠵᠢᠲ ᠬᠠᠯᠠᠭᠤᠨ ᠢᠶᠠᠷ ᠤᠭᠲᠤᠪᠠ᠃ ᠬᠤᠶᠠᠷ ᠤᠯᠤᠰ ᠤᠨ ᠲᠡᠷᠢᠭᠦᠨ ᠵᠢᠴᠢ ᠬᠠᠳᠤᠨ ᠳᠣᠲᠣᠨᠣ ᠪᠠᠷ ᠬᠠᠮᠲᠤ ᠭᠡᠷᠡᠯ ᠵᠢᠷᠤᠭ ᠲᠠᠲᠠᠭᠤᠯᠪᠠ᠃   ᠰᠢ ᠶᠢᠨ ᠫᠢᠩ ᠪᠣᠯᠤᠨ ᠫᠧᠩ ᠯᠢ ᠶᠤᠸᠠᠨ ᠤᠷᠢᠯᠭ᠎ᠠ ᠪᠠᠷ ᠳᠠᠶᠢᠯᠠᠯᠭ᠎ᠠ ᠳᠤ ᠣᠷᠣᠯᠴᠠᠭᠰᠠᠨ ᠹᠷᠠᠨᠼᠢ ᠶᠢᠨ ᠡᠯ᠎ᠡ ᠡᠲᠡᠭᠡᠳ ᠤᠨ ᠨᠡᠷᠡᠳᠤ ᠬᠥᠮᠦᠰ ᠤᠨ ᠲᠥᠯᠥᠭᠡᠯᠡᠭᠴᠢᠳ ᠲᠠᠢ ᠬᠠᠷᠢᠯᠴᠠᠨ ᠮᠡᠨᠳᠦᠴᠢᠯᠡᠵᠦ᠂ ᠳᠣᠲᠣᠨᠣ ᠪᠠᠷ ᠶᠠᠷᠢᠯᠴᠠᠵᠠᠢ᠃
256.png
   ᠰᠢ ᠶᠢᠨ ᠫᠢᠩ ᠠᠷᠢᠬᠢ ᠪᠠᠷᠢᠬᠤ ᠦᠭᠡ ᠬᠡᠯᠡᠪᠡ᠃   ᠰᠢ ᠶᠢᠨ ᠫᠢᠩ᠂ ᠦᠵᠡᠰᠭᠦᠯᠡᠩᠲᠦ ᠰᠠᠶᠢᠬᠠᠨ ᠪᠦᠬᠦᠳᠡ ᠨᠠᠶᠢᠷᠠᠮᠳᠠᠬᠤ ᠹᠷᠠᠨᠼᠢ ᠤᠯᠤᠰ ᠲᠤ ᠳᠠᠬᠢᠨᠲᠠ ᠠᠶᠢᠯᠴᠢᠯᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠶᠡᠷᠦᠩᠬᠡᠶᠢᠯᠡᠭᠴᠢ ᠮᠠᠶᠢᠺᠷᠤᠨ ᠬᠢᠭᠡᠳ ᠬᠠᠳᠤᠨ ᠪᠣᠯᠤᠨ ᠹᠷᠠᠨᠼᠢ ᠶᠢᠨ ᠬᠢᠨ ᠤ ᠬᠠᠯᠠᠭᠤᠮᠰᠤᠭ ᠵᠤᠴᠢᠯᠠᠭ᠎ᠠ ᠳᠤ ᠲᠠᠯᠠᠷᠬᠠᠵᠤ ᠪᠠᠶᠢᠨ᠎ᠠ᠃ ᠳᠤᠮᠳᠠᠳᠤ ᠹᠷᠠᠨᠼᠢ ᠪᠣᠯ ᠣᠨᠴᠠᠭᠠᠢ ᠨᠠᠶᠢᠵᠠ ᠮᠥᠨ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠣᠯ ᠳᠡᠯᠡᠬᠡᠢ ᠶᠢᠨ ᠲᠤᠮᠤ ᠤᠯᠤᠰ ᠤᠳ ᠤᠨ ᠬᠠᠷᠢᠯᠴᠠᠭᠠᠨ ᠳᠠᠬᠢ ᠨᠢᠭᠡᠨ ᠬᠤᠣᠰ ᠣᠨᠴᠠᠭᠠᠢ ᠬᠠᠷᠢᠯᠴᠠᠭ᠎ᠠ ᠮᠥᠨ᠃   ᠣᠨᠴᠠᠭᠠᠢ ᠭᠡᠳᠡᠭ ᠨᠢ ᠪᠡᠶ᠎ᠡ ᠪᠠᠨ ᠳᠠᠭᠠᠭᠠᠵᠤ ᠡᠵᠡᠨ ᠮᠡᠳᠡᠬᠦ ᠳᠤ ᠪᠠᠶᠢᠨ᠎ᠠ᠃ 60 ᠵᠢᠯ ᠤᠨ ᠡᠮᠦᠨ᠎ᠡ᠂ ᠳ᠋ᠧᠭᠤᠯ ᠵᠠᠩᠵᠤᠨ ᠰᠢᠨ᠎ᠡ ᠳᠤᠮᠳᠠᠳᠤ ᠤᠯᠤᠰ ᠲᠠᠢ ᠪᠦᠬᠦ ᠲᠠᠯ᠎ᠠ ᠪᠠᠷ ᠬᠠᠷᠢᠯᠴᠠᠭ᠎ᠠ ᠪᠠᠶᠢᠭᠤᠯᠬᠤ ᠰᠢᠢᠳᠪᠦᠷᠢᠲᠦ ᠪᠤᠳᠤᠯᠭ᠎ᠠ ᠭᠠᠷᠭᠠᠭᠰᠠᠨ ᠨᠢ ᠬᠦᠢᠳᠡᠨ ᠳᠠᠶᠢᠨ ᠤ ᠠᠬᠤᠢ ᠪᠠᠶᠢᠳᠠᠯ ᠳᠣᠣᠷ᠎ᠠ ᠮᠠᠰᠢ ᠬᠢᠯᠪᠠᠷ ᠪᠤᠰᠤ ᠶᠤᠮ᠃ 60 ᠵᠢᠯ ᠤᠨ ᠲᠤᠷᠰᠢ᠂ ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠦᠰ ᠢᠮᠠᠭᠲᠠ ︽ᠪᠠᠷᠠᠭᠠᠨ ᠡᠭᠦᠯᠡ ᠬᠠᠷᠠᠭ᠎ᠠ ᠬᠠᠯᠬᠠᠯᠠᠬᠤ ᠠᠴᠠ ᠠᠶᠤᠬᠤ ᠦᠬᠡᠢ︾᠂ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠭᠰᠠᠨ ᠪᠠ ᠰᠢᠢᠳᠪᠦᠷᠢᠯᠡᠭᠰᠡᠭᠡᠷ ᠢᠷᠡᠪᠡ᠃ ᠰᠢᠨ᠎ᠡ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠭᠰᠡᠨ ᠠᠩᠬᠠᠳᠠᠭᠴᠢ ᠥᠷᠥᠨᠡᠳᠠᠬᠢᠨ ᠤ ᠤᠯᠤᠰ ᠤᠨ ᠲᠡᠷᠢᠭᠦᠨ ᠪᠣᠯ ᠹᠷᠠᠨᠼᠢ ᠶᠢᠨ ᠶᠡᠷᠦᠩᠬᠡᠶᠢᠯᠡᠭᠴᠢ ᠶᠤᠮ᠂ ᠰᠢᠨ᠎ᠡ ᠳᠤᠮᠳᠠᠳᠤ ᠤᠯᠤᠰ ᠤᠨ ᠤᠳᠤᠷᠢᠳᠬᠤ ᠬᠥᠮᠦᠨ ᠤ ᠠᠯᠪᠠᠨ ᠶᠣᠰᠣᠨ ᠤ ᠠᠶᠢᠯᠴᠢᠯᠠᠯᠲᠠ ᠬᠢᠭᠰᠡᠨ ᠠᠩᠬᠠᠳᠠᠭᠴᠢ ᠥᠷᠥᠨᠡᠳᠠᠬᠢᠨ ᠤ ᠤᠯᠤᠰ ᠪᠣᠯ ᠹᠷᠠᠨᠼᠢ ᠶᠤᠮ᠃ ᠳᠤᠮᠳᠠᠳᠤ ᠹᠷᠠᠨᠼᠢ ᠶᠢᠨ ᠶᠠᠪᠤᠯᠴᠠᠭᠠᠨ ᠤ ᠭᠡᠷᠡᠯ ᠰᠠᠴᠤᠷᠠᠩᠭᠤᠢ ᠴᠠᠭ ᠮᠥᠴᠡ ᠪᠦᠷᠢ ᠶᠢᠨ ᠠᠷᠤ ᠳᠤ ᠴᠥᠮ ᠪᠡᠶ᠎ᠡ ᠪᠠᠨ ᠳᠠᠭᠠᠭᠠᠵᠤ ᠡᠵᠡᠨ ᠮᠡᠳᠡᠬᠦ ᠡᠨᠡ ᠬᠦ ᠬᠦᠴᠦᠲᠡᠢ ᠬᠦᠴᠦᠨ ᠵᠦᠢᠯ ᠲᠤᠯᠭᠠᠭᠤᠷᠢᠯᠠᠵᠤ ᠪᠠᠶᠢᠳᠠᠭ ᠪᠣᠯᠬᠤᠷ ᠨᠠᠨᠳᠢᠩᠨᠠᠭᠤᠰᠢᠳᠠᠢ᠂ ᠵᠠᠯᠭᠠᠮᠵᠢᠯᠠᠭᠤᠰᠢᠳᠠᠢ᠂ ᠪᠠᠳᠠᠷᠠᠭᠤᠯᠤᠭᠤᠰᠢᠲᠠᠢ ᠶᠤᠮ᠃    ᠣᠨᠴᠠᠭᠠᠢ ᠭᠡᠳᠡᠭ ᠨᠢ ᠬᠠᠷᠢᠯᠴᠠᠨ ᠣᠶᠢᠯᠠᠭᠠᠯᠴᠠᠬᠤ ᠳᠤ ᠪᠠᠶᠢᠨ᠎ᠠ᠃ ᠳᠣᠷᠣᠨᠠᠳᠠᠬᠢᠨ ᠥᠷᠥᠨᠡᠳᠠᠬᠢᠨ ᠤ ᠪᠣᠯᠪᠠᠰᠤᠨ ᠤ ᠴᠢᠬᠤᠯᠠ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠳᠤᠮᠳᠠᠳᠤ ᠹᠷᠠᠨᠼᠢ ᠶᠡᠷᠦ ᠠᠴᠠ ᠬᠠᠷᠢᠯᠴᠠᠨ ᠪᠠᠭ᠋ᠠᠷᠬᠠᠵᠤ᠂ ᠬᠠᠷᠢᠯᠴᠠᠨ ᠲᠠᠳᠠᠯᠴᠠᠭᠰᠠᠭᠠᠷ ᠢᠷᠡᠵᠡᠢ᠃ ᠺᠦᠩᠽᠢ ᠶᠢᠨ ᠦᠵᠡᠯ ᠰᠠᠨᠠᠭ᠎ᠠ ᠨᠢ ᠸᠤᠯᠲ᠋ᠠᠢ ᠵᠡᠷᠭᠡ ᠬᠥᠮᠦᠰ ᠢ ᠭᠦᠨᠵᠡᠭᠡᠢ ᠨᠥᠯᠥᠭᠡᠯᠡᠵᠦ᠂ ᠹᠷᠠᠨᠼᠢ ᠶᠢᠨ ᠰᠡᠭᠡᠭᠡᠷᠡᠭᠦᠯᠬᠦ ᠬᠥᠳᠡᠯᠭᠡᠭᠡᠨ ᠳᠤ ᠰᠡᠩᠬᠡᠷᠡᠭᠦᠯᠦᠯ ᠪᠤᠯᠵᠠᠢ᠃ ᠳᠡᠭᠡᠷ᠎ᠡ ᠵᠠᠭᠤᠨ ᠤ ᠡᠬᠢᠨ ᠤ ᠦᠶ᠎ᠡ ᠶᠢᠨ ᠹᠷᠠᠨᠼᠢ ᠳᠤ ᠠᠵᠢᠯᠴᠢ ᠠᠷᠪᠢᠴᠢ ᠪᠠᠷ ᠰᠤᠷᠤᠯᠴᠠᠬᠤ ᠥᠷᠨᠢᠯᠲᠡ ᠨᠢ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠳᠤ ᠦᠯᠡᠮᠵᠢᠬᠡᠨ ᠴᠢᠳᠠᠪᠤᠷᠢᠲᠠᠨ ᠢ ᠬᠥᠮᠦᠵᠢᠭᠦᠯᠵᠡᠶ᠃ ᠡᠨᠡ ᠵᠢᠯ ᠪᠣᠯ ᠳᠤᠮᠳᠠᠳᠤ ᠹᠷᠠᠨᠼᠢ ᠶᠢᠨ ᠰᠣᠶᠣᠯ ᠵᠢᠭᠤᠯᠴᠢᠯᠠᠯ ᠤᠨ ᠣᠨ᠂ ᠬᠤᠶᠠᠷ ᠤᠯᠤᠰ ᠡᠭᠦᠨ ᠢᠶᠠᠷ ᠠᠵᠠ ᠲᠣᠬᠢᠶᠠᠯ ᠪᠣᠯᠭᠠᠵᠤ᠂ ᠲᠤᠰ ᠲᠤᠰ ᠤᠨ ᠰᠣᠶᠣᠯ ᠠᠴᠠ ᠪᠠᠨ ᠨᠡᠩ ᠤᠯᠠᠨ ᠤᠶᠤᠨ ᠤᠬᠠᠭᠠᠨ ᠡᠷᠢᠯᠬᠢᠯᠡᠵᠦ᠂ ᠨᠡᠩ ᠤᠯᠠᠨ ᠰᠢᠮ᠎ᠡ ᠲᠡᠵᠢᠭᠡᠯ ᠬᠦᠷᠳᠡᠬᠦ ᠶᠢ ᠢᠲᠡᠭᠡᠵᠦ ᠪᠠᠶᠢᠨ᠎ᠠ᠃    ᠣᠨᠴᠠᠭᠠᠶ ᠭᠡᠳᠡᠭ ᠨᠢ ᠬᠠᠷᠢᠭᠤᠴᠠᠯᠭ᠎ᠠ ᠡᠭᠦᠷᠭᠡᠯᠡᠯ ᠳᠤ ᠪᠠᠶᠢᠨ᠎ᠠ᠃ ᠳᠤᠮᠳᠠᠳᠤ ᠹᠷᠠᠨᠼᠢ ᠭᠠᠷ ᠬᠤᠯᠪᠣᠯᠴᠠᠪᠠᠯ ᠳᠡᠯᠡᠬᠡᠢ ᠳ᠋ᠠᠬᠢᠨ ᠳᠤ ᠪᠤᠶᠠᠨ ᠦᠢᠯᠡᠳᠴᠦ ᠴᠢᠳᠠᠬᠤ ᠶᠢ ᠲᠡᠦᠬᠡ ᠣᠯᠠᠨᠲᠠ ᠭᠡᠷᠡᠴᠢᠯᠡᠪᠡ᠃ ᠣᠳᠣᠬᠠᠨ ᠤ ᠳᠡᠯᠡᠬᠡᠢ ᠵᠢᠷᠲᠢᠨᠴᠦ ᠡᠭᠡᠳᠡᠷᠡᠭᠡᠨ ᠪᠤᠳᠤᠯᠢᠶᠠᠨᠲᠠᠢ ᠪᠤᠯᠵᠤ᠂ ᠦᠺᠷᠠᠶᠢᠨ ᠤ ᠬᠢᠮᠤᠷᠠᠯ᠂ ᠫᠠᠯᠤᠰᠲ᠋ᠠᠶᠢᠨ ᠢᠰᠷᠧᠯ ᠤᠨ ᠮᠥᠷᠭᠦᠯᠳᠦᠭᠡᠨ ᠵᠤᠭᠰᠤᠰᠢ ᠦᠭᠡᠢ ᠦᠷᠭᠦᠯᠵᠢᠯᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ ᠮᠡᠬᠦᠰᠳᠡᠵᠦ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠡᠳᠦᠷ ᠢᠷᠡᠬᠦᠶ᠎ᠡ ᠬᠠᠲᠠᠭᠤ ᠪᠡᠷᠬᠡ ᠪᠤᠯᠵᠤ ᠪᠠᠶᠢᠨ᠎ᠠ ᠃ ᠳᠤᠮᠳᠠᠳᠤ ᠹᠷᠠᠨᠼᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠪᠣᠯᠤᠭᠰᠠᠨ ᠤ ᠬᠤᠪᠢ ᠳᠤ᠂ ᠨᠡᠩ ᠶᠡᠭᠡ ᠬᠠᠷᠢᠭᠤᠴᠠᠯᠭ᠎ᠠ ᠡᠭᠦᠷᠭᠡᠯᠡᠪᠡᠯ ᠵᠣᠬᠢᠨ᠎ᠠ᠃ ᠪᠢ ᠶᠡᠷᠦᠩᠬᠡᠶᠢᠯᠡᠭᠴᠢ ᠮᠠᠶᠢᠺᠷᠤᠨ ᠲᠠᠢ᠂ ᠬᠠᠷᠢᠯᠴᠠᠭ᠎ᠠ ᠪᠠᠶᠢᠭᠤᠯᠤᠭᠰᠠᠨ ᠤᠬ ᠰᠠᠨᠠᠭ᠎ᠠ ᠪᠠᠨ ᠪᠠᠷᠢᠮᠲᠠᠯᠠᠵᠤ᠂ ᠳᠤᠮᠳᠠᠳᠤ ᠹᠷᠠᠨᠼᠢ ᠶᠢᠨ ᠥᠨᠳᠥᠷ ᠲᠦᠪᠰᠢᠨ ᠪᠦᠬᠦᠢ ᠢᠲᠡᠭᠡᠯᠴᠡᠭᠡ ᠪᠣᠯᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠴᠢᠬᠤᠯᠠ ᠶᠡᠭᠡ ᠤᠯᠠᠨ ᠤᠯᠤᠰ ᠤᠨ ᠠᠰᠠᠭᠤᠳᠠᠯ ᠤᠨ ᠲᠤᠬᠠᠢ ᠤᠯᠤᠯᠴᠠᠭ᠎ᠠ ᠪᠣᠯᠤᠨ ᠬᠠᠮᠵᠢᠯᠴᠠᠭ᠎ᠠ ᠪᠠᠨ ᠴᠢᠩᠭᠠᠳᠬᠠᠵᠤ᠂ ᠲᠦᠭᠡᠷᠢᠭᠳᠡᠨ ᠡᠭᠡᠳᠡᠷᠡᠭᠰᠡᠨ ᠳᠡᠯᠡᠬᠡᠢ ᠳ᠋ᠠᠬᠢᠨ ᠳᠤ ᠬᠦᠰᠡᠯ ᠡᠷᠡᠮᠡᠯᠵᠡᠯ ᠨᠡᠮᠡᠷᠢᠯᠡᠵᠦ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠴᠢᠭᠯᠡᠯ ᠢ ᠰᠦᠪᠡᠭᠴᠢᠯᠡᠬᠦ ᠪᠠᠷ ᠰᠠᠨᠠᠯ ᠨᠢᠭᠡᠲᠡᠢ ᠵᠥᠪᠰᠢᠶᠡᠷᠡᠪᠡ᠃ ᠲᠡᠦᠬᠡ ᠶᠢᠨ ᠲᠣᠨᠳᠠᠰᠤ᠂ ᠪᠣᠳᠠᠲᠤ ᠠᠬᠤᠢ ᠶᠢᠨ ᠰᠠᠭᠤᠷᠢ᠂ ᠢᠷᠡᠭᠡᠳᠦᠢ ᠶᠢᠨ ᠵᠢᠷᠤᠭ ᠲᠦᠰᠦᠪ ᠪᠠᠶᠢᠪᠠᠯ ᠳᠤᠮᠳᠠᠳᠤ ᠹᠷᠠᠨᠼᠢ ᠶᠢᠨ ᠬᠠᠷᠢᠯᠴᠠᠭ᠎ᠠ ᠯᠠᠪᠲᠠᠢ ᠬᠠᠪᠤᠷ ᠰᠢᠭ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠥᠭᠵᠢᠨ ᠴᠡᠴᠡᠭᠯᠡᠬᠦ ᠶᠢ ᠪᠢ ᠢᠲᠡᠭᠡᠵᠦ ᠪᠠᠶᠢᠨ᠎ᠠ ᠭᠡᠵᠤ ᠵᠢᠭᠠᠵᠤ ᠭᠠᠷᠭᠠᠵᠠᠢ᠃   ᠼᠠᠢ ᠴᠢ᠂ ᠸᠠᠩ ᠢ ᠨᠡᠷ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠫᠠᠷᠢᠰ ᠤᠨ 5 ᠰᠠᠷ᠎ᠠ ᠶᠢᠨ 6᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号