ᠰᠢ ᠶᠢᠨ ᠫᠢᠩ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠠᠮᠲᠤ ᠰᠤᠷᠪᠤᠯᠵᠢᠯᠠᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/7
   ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 6᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠷᠢᠰ ᠤᠨ ᠤᠯᠢᠰᠤ ᠣᠷᠳᠣᠨ ᠳᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ ᠰᠤᠷᠪᠤᠯᠵᠢᠯᠠᠭᠴᠢᠳ ᠲᠠᠢ ᠠᠭᠤᠯᠵᠠᠪᠠ᠃   ᠰᠢ ᠶᠢᠨ ᠫᠢᠩ᠂ ᠶᠡᠷᠦᠩᠬᠡᠶᠢᠯᠡᠭᠴᠢ ᠮᠠᠶᠢᠺᠷᠤᠨ ᠤ ᠤᠷᠢᠯᠭ᠎ᠠ ᠪᠠᠷ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠶᠢᠨ ᠲᠠᠰᠢᠷᠠᠮ ᠢᠶᠠᠷ ᠹᠷᠠᠨᠼᠢ ᠳᠤ ᠳᠠᠬᠢᠨᠲᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠪᠢ ᠶᠡᠷᠦᠩᠬᠡᠶᠢᠯᠡᠭᠴᠢ ᠮᠠᠶᠢᠺᠷᠤᠨ ᠲᠠᠢ ᠪᠠᠶᠠᠯᠢᠭ ᠦᠷ᠎ᠡ ᠪᠦᠲᠦᠭᠡᠯ ᠲᠠᠢ ᠬᠡᠯᠡᠯᠴᠡᠭᠡ ᠬᠢᠪᠠ᠃ ᠳᠤᠮᠳᠠᠳᠤ ᠹᠷᠠᠨᠼᠢ ᠶᠢᠨ ᠬᠠᠷᠢᠯᠴᠠᠭ᠎ᠠ ᠪᠣᠯ ᠡᠷᠬᠢᠮ ᠨᠠᠨᠳᠢᠨ ᠲᠡᠦᠬᠡ᠂ ᠥᠪᠡᠷᠮᠢᠴᠡ ᠦᠨ᠎ᠡ ᠦᠷᠳᠡᠭ ᠪᠠ ᠴᠢᠬᠤᠯᠠ ᠡᠭᠦᠷᠭᠡ ᠬᠠᠷᠢᠭᠤᠴᠠᠯᠭ᠎ᠠ ᠲᠠᠢ ᠶᠤᠮ᠂ ᠬᠤᠶᠠᠷ ᠲᠠᠯ᠎ᠠ ᠪᠠᠷ ᠢᠶᠠᠨ ᠲᠡᠦᠬᠡ ᠶᠢᠨ ᠪᠤᠤᠬᠢᠶ᠎ᠠ ᠶᠢ ᠰᠠᠶᠢᠲᠤᠷ ᠤᠯᠠᠮᠵᠢᠯᠠᠵᠤ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠬᠰᠠᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠬᠠᠮᠲᠤ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠵᠤ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠲᠠᠷᠠᠭᠠᠴᠢ ᠶᠢᠨ 60 ᠵᠢᠯ ᠤᠨ ᠰᠢᠨ᠎ᠡ ᠠᠶᠠᠨ ᠢ ᠡᠬᠢᠯᠡᠭᠦᠯᠬᠦ ᠬᠡᠷᠡᠭᠲᠡᠢ ᠭᠡᠵᠦ ᠪᠢᠳᠠ ᠰᠠᠨᠠᠯ ᠨᠢᠭᠡᠲᠡᠢ ᠦᠵᠡᠪᠡ᠃
262.png
   ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠪᠠᠷ ᠲᠣᠭᠲᠠᠪᠠ᠃   ᠨᠢᠭᠡ ᠳᠤ᠂ ᠬᠤᠶᠠᠷ ᠲᠠᠯ᠎ᠠ ᠶᠢᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠢ ᠪᠠᠬᠢᠵᠢᠭᠦᠯᠦᠨ᠎ᠡ᠃ ᠪᠢ ᠶᠡᠷᠦᠩᠬᠡᠶᠢᠯᠡᠭᠴᠢ ᠮᠠᠶᠢᠺᠷᠤᠨ ᠤ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠹᠷᠠᠨᠼᠢ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠠᠷᠢᠯᠴᠠᠨ ᠬᠦᠨᠳᠦᠳᠭᠡᠵᠦ᠂ ᠬᠤᠶᠠᠷ ᠤᠯᠤᠰ ᠤᠨ ᠤᠯᠠᠨ ᠲᠡᠰ ᠳᠠᠪᠬᠤᠷᠭ᠎ᠠ ᠶᠢᠨ᠂ ᠤᠯᠠᠨ ᠲᠠᠯᠠᠲᠤ ᠰᠣᠯᠢᠯᠴᠠᠭᠠᠨ ᠤ ᠠᠷᠭ᠎ᠠ ᠵᠠᠮ ᠢ ᠰᠠᠶᠢᠲᠤᠷ ᠠᠰᠢᠭᠯᠠᠵᠤ᠂ ᠲᠦᠷᠦ ᠶᠢᠨ ᠪᠤᠳᠤᠯᠭ᠎ᠠ ᠵᠣᠭᠰᠣᠯᠲᠠ ᠪᠠᠨ ᠴᠠᠭ ᠲᠤᠬᠠᠢ ᠳᠤᠨᠢ ᠤᠯᠤᠯᠴᠠᠨ ᠵᠣᠬᠢᠴᠠᠭᠤᠯᠤᠨ᠎ᠠ ᠭᠡᠵᠦ ᠳᠠᠪᠲᠠᠨ ᠢᠯᠡᠷᠬᠡᠶᠢᠯᠡᠪᠡ᠃   ᠬᠤᠶᠠᠷ ᠲᠤ᠂ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠥᠷᠭᠡᠨ ᠠᠭᠤᠳᠠᠮ ᠲᠠᠯᠳᠠ ᠬᠦᠴᠦᠨ ᠢ ᠠᠭᠤᠳᠠᠯᠤᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠲᠠᠯ᠎ᠠ ᠶᠢᠨ ᠠᠷᠠᠯᠵᠢᠶ᠎ᠠ ᠭᠦᠭᠵᠢᠵᠦ ᠲᠡᠩᠴᠡᠭᠦᠷᠢᠲᠡᠢ ᠪᠠᠶᠢᠬᠤ ᠶᠢ ᠠᠬᠢᠭᠤᠯᠵᠤ᠂ ᠲᠠᠷᠢᠶᠠᠯᠠᠩ ᠤᠨ ᠢᠳᠡᠭᠡᠨ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠭᠡᠵᠦ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠠᠷᠠᠳ ᠤᠨ ᠬᠡᠷᠡᠭᠯᠡᠭᠡᠨ ᠤ ᠴᠥᠮ᠎ᠡ ᠶᠢᠨ ᠡᠨᠧᠷᠭᠢ ᠵᠡᠷᠭᠡ ᠬᠦᠷᠢᠶᠡᠨ ᠤ ᠬᠠᠮᠲᠤᠷᠠᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠠᠬᠢᠭᠤᠯᠵᠤ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠪᠣᠬᠢᠷᠲᠤᠯ ᠦᠭᠡᠢ ᠡᠨᠧᠷᠭᠢ᠂ ᠣᠶᠤᠨᠴᠢ ᠦᠢᠯᠡᠳᠭᠡᠯ᠂ ᠠᠮᠢᠳᠤ ᠪᠣᠳᠠᠰ ᠤᠨ ᠡᠮ ᠡᠮᠨᠡᠯᠭᠡ᠂ ᠵᠣᠬᠢᠶᠠᠮᠠᠯ ᠤᠶᠤᠨ ᠴᠢᠳᠠᠪᠤᠷᠢ᠂ ᠭᠤᠷᠪᠠᠳᠠᠬᠢ ᠡᠲᠡᠭᠡᠳ ᠤᠨ ᠵᠠᠬ᠎ᠠ ᠳᠡᠯᠭᠡᠭᠦᠷ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠭᠡᠨ᠎ᠡ᠃ ᠳᠤᠮᠳᠠᠳᠤ ‍ᠤᠮᠤᠰ ᠦᠢᠯᠡᠳᠬᠦ ᠦᠢᠯᠡᠰ ᠤᠨ ᠣᠷᠣᠬᠤ ᠶᠢ ᠵᠥᠪᠰᠢᠶᠡᠷᠡᠬᠦ ᠶᠢ ᠪᠦᠬᠦ ᠲᠠᠯ᠎ᠠ ᠪᠠᠷ ᠴᠢᠯᠥᠭᠡᠲᠡᠢ ᠪᠣᠯᠭᠠᠵᠤ᠂ ᠴᠠᠬᠢᠯᠭᠠᠨ ᠬᠤᠯᠪᠣᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠣᠷᠣᠬᠤ ᠶᠢ ᠵᠥᠪᠰᠢᠶᠡᠷᠡᠬᠦ ᠶᠢ ᠲᠦᠷᠭᠡᠨ ᠴᠢᠯᠥᠭᠡᠲᠡᠢ ᠪᠣᠯᠭᠠᠨ᠎ᠠ᠃ ᠪᠢᠳᠠ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ ᠥᠷᠭᠡᠳᠭᠡᠬᠦ ᠶᠢ ᠵᠣᠷᠢᠭᠵᠢᠭᠤᠯᠵᠤ᠂ ᠨᠦᠬᠦᠭᠡ ᠲᠠᠯ᠎ᠠ ᠶᠢᠨ ᠤᠯᠤᠰ ᠤᠨ ᠠᠵᠤ ᠠᠬᠤᠶᠢᠯᠠᠯ ᠳᠤ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠬᠠᠩᠭᠠᠬᠤ ᠪᠠᠷ ᠴᠢᠷᠮᠠᠶᠢᠨ᠎ᠠ᠃ ᠲᠤᠰ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ 18 ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠤ᠂ ᠠᠭᠠᠷ ᠤᠨ ᠠᠶᠠᠯᠠᠯ᠂ ᠬᠥᠳᠡᠭᠡ ᠠᠵᠤ ᠠᠬᠤᠢ᠂ ᠰᠣᠶᠣᠯ ᠢᠷᠭᠡᠨᠰᠢᠯ᠂ ᠪᠣᠬᠢᠷᠲᠤᠯ ᠦᠭᠡᠢ ᠬᠥᠭᠵᠢᠯᠲᠡ᠂ ᠳᠤᠮᠳᠠ ᠪᠠᠭ᠎ᠠ ᠠᠵᠤ ᠠᠬᠤᠶᠢᠯᠠᠯ ᠤᠨ ᠬᠠᠮᠲᠤᠷᠠᠯᠴᠠᠭ᠎ᠠ ᠵᠡᠷᠭᠡ ᠬᠦᠷᠢᠶ᠎ᠡ ᠶᠢ ᠬᠠᠮᠤᠷᠴᠠᠢ᠃   ᠭᠤᠷᠪᠠ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ︽ᠦᠬᠡᠳᠡ ᠦᠬᠡᠳᠡ ᠪᠠᠨ ᠤᠷᠤᠭᠰᠢᠯᠠᠬᠤ︾᠎ ᠶᠢ ᠲᠦᠷᠭᠡᠳᠭᠡᠨ᠎ᠡ᠃ ᠳᠤᠮᠳᠠᠳᠤ ᠹᠷᠠᠨᠼᠢ ᠶᠢᠨ ᠰᠣᠶᠣᠯ ᠵᠢᠭᠤᠯᠴᠢᠯᠠᠯ ᠤᠨ ᠣᠨ ᠢᠶᠠᠷ ᠠᠵᠠ ᠲᠣᠬᠢᠶᠠᠯ ᠪᠣᠯᠭᠠᠵᠤ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠺᠢᠨᠣ᠋ ᠲᠧᠯᠸᠢᠰ᠂ ᠵᠠᠯᠠᠭᠤᠴᠤᠳ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠤᠮᠳᠠᠳᠤ ᠤᠯᠤᠰ ᠹᠷᠠᠨᠼᠢ ᠶᠢᠨ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠶᠢ ᠳᠡᠮᠵᠢᠵᠦ᠂ ᠹᠷᠠᠨᠼᠢ ᠶᠢᠨ ᠨᠡᠩ ᠤᠯᠠᠨ ᠨᠠᠶᠢᠵᠠ ᠨᠠᠷ ᠤᠨ ᠳᠤᠮᠳᠠᠳᠤ ᠤᠯᠤᠰ ᠲᠤ ᠢᠷᠡᠬᠦ ᠶᠢ ᠪᠠᠶᠠᠷᠯᠠᠨ ᠤᠭᠲᠤᠵᠤ᠂ ᠹᠷᠠᠨᠼᠢ ᠵᠡᠷᠭᠡ 12 ᠤᠯᠤᠰ ᠤᠨ ᠠᠷᠠᠳ ᠢᠷᠭᠡᠨ ᠤ ᠣᠬᠤᠷ ᠬᠤᠭᠤᠴᠠᠭ᠎ᠠ ᠪᠠᠷ ᠳᠤᠮᠳᠠᠳᠤ ᠤᠯᠤᠰ ᠲᠤ ᠢᠷᠡᠬᠦ ᠸᠢᠰᠠᠯᠠᠬᠤ ᠶᠢ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ 2025 ᠣᠨ ᠤ ᠡᠴᠦᠰ ᠪᠣᠯᠲᠠᠯ᠎ᠠ ᠤᠷᠲᠤᠳᠬᠠᠵᠤ᠂ ᠱᠠᠩᠬᠠᠢ ᠠᠴᠠ ᠮᠠᠷᠰᠸᠢ ᠬᠦᠷᠬᠦ ᠰᠢᠭᠤᠳ ᠨᠢᠰᠬᠦ ᠠᠶᠠᠯᠠᠯ ᠤᠨ ᠱᠤᠭᠤᠮ ᠢ ᠨᠡᠮᠡᠵᠦ ᠨᠡᠭᠡᠭᠡᠬᠦ ᠶᠢ ᠳᠡᠮᠵᠢᠬᠦ ᠪᠠᠷ ᠲᠣᠭᠲᠠᠪᠠ᠃ 150 ᠵᠢᠯ ᠤᠨ ᠡᠮᠦᠨ᠎ᠡ ᠹᠷᠠᠨᠼᠢ ᠶᠢᠨ ᠬᠥᠮᠦᠰ ᠤᠨ ᠣᠷᠣᠯᠴᠠᠨ ᠪᠠᠶᠢᠭᠤᠯᠤᠭᠰᠠᠨ ᠳᠤᠮᠳᠠᠳᠤ ᠤᠯᠤᠰ ᠤᠨ ᠹᠦᠵᠢᠶᠠᠨ ᠤ ᠣᠩᠭᠤᠴᠠᠨ ᠤ ᠶᠠᠪᠤᠳᠠᠯ ᠤᠨ ᠰᠤᠷᠭᠠᠭᠤᠯᠢ᠂ ᠳᠡᠭᠡᠷ᠎ᠡ ᠵᠠᠭᠤᠨ ᠤ ᠡᠬᠢ ᠪᠠᠷ ᠹᠷᠠᠨᠼᠢ ᠳᠤ ᠣᠴᠢᠵᠤ ᠠᠵᠢᠯᠴᠢ ᠠᠷᠪᠢᠴᠢ ᠪᠠᠷ ᠰᠤᠷᠤᠯᠴᠠᠬᠤ ᠬᠥᠳᠡᠯᠭᠡᠭᠡᠨ ᠪᠣᠯ ᠴᠥᠮ ᠬᠤᠶᠠᠷ ᠤᠯᠤᠰ ᠤᠨ ᠰᠤᠷᠭᠠᠨ ᠬᠥᠮᠦᠵᠢᠯ ᠤᠨ ᠰᠣᠯᠢᠯᠴᠠᠭᠠᠨ ᠤ ᠲᠡᠦᠬᠡᠨ ᠳᠠᠬᠢ ᠰᠠᠶᠢᠬᠠᠨ ᠦᠯᠢᠭᠡᠷ ᠪᠣᠯᠤᠨ᠎ᠠ᠃ ᠪᠢᠳᠡ ᠹᠷᠠᠨᠼᠢ ᠶᠢᠨ ᠡᠨᠡ ᠵᠢᠯ ᠤᠨ ᠳᠤᠮᠳᠠᠳᠤ ᠤᠯᠤᠰ ᠤᠨ ᠣᠯᠠᠨ ᠤᠯᠤᠰ ᠤᠨ ᠰᠤᠷᠭᠠᠨ ᠬᠥᠮᠦᠵᠢᠯ ᠤᠨ ᠣᠨ ᠤ ᠬᠤᠷᠠᠯ ᠤᠨ ᠭᠤᠤᠯ ᠵᠣᠴᠢᠨ ᠤᠯᠤᠰ ᠪᠣᠯᠬᠤ ᠶᠢ ᠪᠠᠶᠠᠷᠯᠠᠨ ᠤᠭᠲᠤᠵᠤ᠂ ᠢᠷᠡᠭᠡᠳᠦᠶ ᠶᠢᠨ 3 ᠵᠢᠯ ᠳᠤ ᠹᠷᠠᠨᠼᠢ ᠶᠢᠨ ᠳᠤᠮᠳᠠᠳᠤ ᠤᠯᠤᠰ ᠲᠤ ᠢᠷᠡᠵᠦ ᠰᠤᠷᠤᠯᠴᠠᠬᠤ ᠰᠤᠷᠤᠭᠴᠢᠳ ᠤᠨ ᠲᠤᠭ᠎ᠠ 1 ᠲᠦᠮᠡ ᠶᠢ ᠳᠠᠪᠠᠵᠤ᠂ ᠧᠦ᠋ᠷᠣᠫᠠ ᠲᠢᠪ ᠤᠨ ᠵᠠᠯᠠᠭᠤᠴᠤᠳ ᠪᠠᠭᠠᠴᠤᠳ ᠤᠨ ᠳᠤᠮᠳᠠᠳᠤ ᠤᠯᠤᠰ ᠲᠤ ᠢᠷᠡᠵᠦ ᠰᠣᠯᠢᠯᠴᠠᠬᠤ ᠬᠡᠪᠴᠢᠶ᠎ᠡ ᠳᠠᠬᠢᠨ ᠢᠶᠠᠷ ᠨᠡᠮᠡᠭᠳᠡᠬᠦ ᠶᠢ ᠠᠬᠢᠭᠤᠯᠤᠨ᠎ᠠ᠃   ᠲᠦᠷᠪᠡ ᠳᠤ᠂ ᠪᠦᠬᠦ ᠪᠥᠮᠪᠥᠷᠴᠡᠭ ᠤᠨ ᠬᠠᠮᠲᠤᠷᠠᠯᠴᠠᠭᠠᠨ ᠤ ᠨᠡᠩ ᠶᠡᠭᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ ᠬᠤᠶᠠᠷ ᠲᠠᠯ᠎ᠠ ᠪᠠᠷ ᠢᠶᠠᠨ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠪᠦᠬᠦ ᠪᠥᠮᠪᠥᠷᠴᠡᠭ ᠤᠨ ᠵᠠᠰᠠᠯᠲᠠ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠰᠢᠰᠲ᠋ᠧᠮ ᠤᠨ ᠥᠭᠡᠷᠡᠴᠢᠯᠡᠯᠲᠡ ᠵᠡᠷᠭᠡ ᠬᠦᠷᠢᠶᠡᠨ ᠳᠠᠬᠢ ᠶᠠᠷᠢᠯᠴᠠᠭ᠎ᠠ ᠪᠠᠨ ᠴᠢᠩᠭᠠᠳᠬᠠᠨ᠎ᠠ᠃ 2025 ᠣᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠡᠯᠡᠶ ᠲᠠᠩᠭᠢᠰ ᠤᠨ ᠶᠡᠭᠡ ᠬᠤᠷᠠᠯ ᠢ ᠰᠠᠶᠢᠲᠤᠷ ᠡᠷᠭᠢᠯᠡᠬᠦ ᠶᠢ ᠳᠤᠮᠳᠠᠳᠤ ᠶᠢᠨ ᠲᠠᠯ᠎ᠠ ᠳᠡᠮᠵᠢᠵᠦ᠂ ᠬᠤᠶᠠᠷ ᠤᠯᠤᠰ ᠤᠨ ᠤᠯᠤᠰ ᠤᠨ ᠴᠡᠴᠡᠷᠯᠢᠭ ᠪᠣᠯᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠪᠰᠤᠷᠤᠯᠴᠠᠭ᠎ᠠ ᠪᠠᠶᠢᠭᠤᠯᠬᠤ ᠶᠢ ᠵᠣᠷᠢᠭᠵᠢᠭᠤᠯᠤᠨ᠎ᠠ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠣᠳᠣᠬᠠᠨ ᠤ ᠳᠡᠯᠡᠬᠡᠢ ᠵᠢᠷᠲᠢᠨᠴᠦ ᠮᠠᠰᠢ ᠲᠠᠶᠢᠪᠤᠩ ᠪᠤᠰᠤ ᠪᠠᠶᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠪᠠ ᠬᠠᠷᠢᠭᠤᠴᠠᠯᠭ᠎ᠠ ᠲᠠᠢ ᠲᠤᠮᠤ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠳᠤᠷᠠᠲᠠᠶ᠎ᠠ ᠹᠷᠠᠨᠼᠢ ᠶᠢᠨ ᠲᠠᠯ᠎ᠠ ᠲᠠᠢ ᠬᠠᠮᠲᠤ ᠪᠠᠷ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠲᠠᠮᠢᠷ ᠤᠨ ᠴᠤᠭᠯᠠᠭᠠᠨ ᠤ ᠬᠤᠭᠤᠴᠠᠭᠠᠨ ᠳᠤ ᠪᠦᠬᠦ ᠪᠥᠮᠪᠥᠷᠴᠡᠭ ᠤᠨ ᠲᠠᠶᠢᠨ ᠵᠣᠭᠰᠣᠬᠤ ᠶᠢ ᠰᠠᠨᠠᠭᠠᠴᠢᠯᠠᠨ᠎ᠠ᠃   ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠲᠤᠬᠠᠢ᠂ ᠡᠨᠡ ᠬᠦ ᠭᠤᠨᠢᠭᠲᠤ ᠵᠦᠴᠦᠭᠡ ᠶᠢ ᠤᠳᠤ ᠪᠣᠯᠲᠠᠯ᠎ᠠ ᠤᠷᠲᠤᠳᠬᠠᠭᠰᠠᠨ ᠨᠢ ᠬᠥᠮᠦᠨ ᠲᠥᠷᠥᠯᠬᠢᠲᠡᠨ ᠤ ᠨᠢᠩᠵᠢᠨ ᠰᠡᠳᠭᠢᠯ ᠤᠨ ᠰᠢᠯᠭᠠᠯᠲᠠ ᠪᠣᠯᠤᠨ᠎ᠠ᠂ ᠳᠡᠯᠡᠬᠡᠢ ᠨᠡᠶᠢᠭᠡᠮ ᠢᠶᠠᠷ ᠢᠶᠠᠨ ᠡᠷᠬᠡᠪᠰᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠭᠠᠽᠠ ᠶᠢᠨ ᠲᠠᠯ᠎ᠠ ᠶᠢᠨ ᠳᠠᠷᠦ᠋ᠢᠬᠠᠨ ᠪᠦᠬᠦ ᠲᠠᠯ᠎ᠠ ᠪᠠᠷ᠂ ᠦᠷᠭᠦᠯᠵᠢᠯᠡᠨ ᠲᠤᠯᠤᠯᠳᠤᠬᠤ ᠪᠠᠨ ᠵᠣᠭᠰᠣᠬᠤ ᠶᠢ ᠠᠬᠢᠭᠤᠯᠵᠤ᠂ ᠫᠠᠯᠤᠰᠲ᠋ᠠᠶᠢᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠵᠢᠩᠬᠢᠨᠢ ᠭᠡᠰᠢᠭᠦᠨ ᠤᠯᠤᠰ ᠪᠣᠯᠬᠤ ᠶᠢ ᠳᠡᠮᠵᠢᠵᠦ᠂ ᠫᠠᠯᠤᠰᠲ᠋ᠠᠶᠢᠨ ᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠰᠡᠷᠭᠦᠭᠡᠵᠦ᠂ ︽ᠬᠤᠶᠠᠷ ᠤᠯᠤᠰ ᠤᠨ ᠲᠥᠰᠦᠯ︾᠎ ᠢ ᠲᠠᠬᠢᠨ ᠡᠬᠢᠯᠡᠭᠦᠯᠵᠦ᠂ ᠳᠤᠮᠳᠠᠳᠤ ᠳᠣᠷᠣᠨᠠᠲᠤ ᠣᠷᠣᠨ ᠤ ᠥᠨᠢ ᠤᠳᠠᠭᠠᠨ ᠤ ᠡᠩᠬᠡ ᠲᠠᠶᠢᠪᠤᠩ ᠢ ᠪᠡᠶᠡᠯᠡᠭᠦᠯᠬᠦ ᠶᠢ ᠪᠢᠳᠡ ᠤᠷᠢᠶᠠᠯᠠᠵᠤ ᠪᠠᠶᠢᠨ᠎ᠠ᠃ᠦᠺᠷᠠᠶᠢᠨ ᠤ ᠬᠢᠮᠤᠷᠠᠯ ᠤᠨ ᠲᠤᠬᠠᠶ ᠳᠤᠮᠳᠠᠳᠤ ᠤᠯᠤᠰ ᠵᠣᠭᠰᠣᠯᠲᠠ ᠪᠠᠨ ᠣᠯᠠᠨᠲᠠ ᠲᠣᠳᠣᠷᠬᠠᠶᠢᠯᠠᠵᠠᠶ᠃ ᠳᠤᠮᠳᠠᠳᠤ ᠤᠯᠤᠰ ᠪᠣᠯ ᠬᠢᠮᠤᠷᠠᠯ ᠢ ᠡᠬᠦᠰᠭᠡᠭᠴᠢ ᠪᠢᠰᠢ᠂ ᠲᠤᠬᠠᠢ ᠶᠢᠨ ᠲᠠᠯ᠎ᠠ᠂ ᠣᠷᠣᠯᠴᠠᠭᠴᠢ ᠲᠠᠯ᠎ᠠ ᠴᠤ ᠪᠢᠰᠢ᠂ ᠭᠡᠪᠡᠴᠦ ᠪᠢᠳᠡ ᠬᠠᠵᠠᠭᠤ ᠠᠴᠠ ᠨᠢ ᠬᠠᠷᠠᠬᠰᠠᠨ ᠦᠭᠡᠢ᠂ ᠬᠠᠷᠢᠨ ᠡᠩᠬᠡ ᠲᠠᠶᠢᠪᠤᠩ ᠢ ᠪᠡᠶᠡᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠦᠭᠰᠡᠭᠡᠷ ᠢᠷᠡᠭᠰᠡᠨ ᠶᠤᠮ᠃ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠧᠦ᠋ᠷᠣᠫᠠ ᠠᠽᠢᠶ᠎ᠠ ᠶᠢᠨ ᠬᠡᠷᠡᠭ ᠶᠠᠪᠤᠳᠠᠯ ᠤᠨ ᠣᠨᠴᠠ ᠲᠥᠯᠥᠭᠡᠯᠡᠭᠴᠢ ᠨᠢᠭᠡᠨᠲᠡ ᠭᠤᠷᠪᠠᠳᠤᠭᠠᠷ ᠡᠭᠡᠯᠵᠢ ᠶᠢᠨ ᠵᠣᠬᠢᠴᠠᠭᠤᠯᠭ᠎ᠠ ᠪᠠᠨ ᠡᠬᠢᠯᠡᠭᠦᠯᠪᠡ᠃ ᠡᠭᠦᠨ ᠤ ᠬᠠᠮᠲᠤ᠂ ᠪᠢᠳᠡ ᠦᠺᠷᠠᠶᠢᠨ ᠤ ᠬᠢᠮᠤᠷᠠᠯ ᠢ ᠠᠰᠢᠭᠯᠠᠨ ᠬᠠᠷᠢᠭᠤᠴᠠᠯᠭ᠎ᠠ ᠶᠢ ᠭᠤᠷᠪᠠᠳᠠᠬᠴᠢ ᠤᠯᠤᠰ ᠲᠤ ᠲᠦᠯᠬᠢᠵᠤ᠂ ᠭᠤᠷᠪᠠᠳᠠᠬᠴᠢ ᠤᠯᠤᠰ ᠢ ᠭᠦᠳᠭᠡᠵᠦ᠂ ︽ᠰᠢᠨ᠎ᠡ ᠬᠦᠢᠲᠡᠨ ᠳᠠᠶᠢᠨ︾ ᠡᠬᠦᠰᠬᠡᠬᠦ ᠪᠠᠷ ᠤᠷᠤᠯᠳᠤᠬᠤ ᠶᠢ ᠡᠰᠡᠷᠭᠦᠴᠡᠨ᠎ᠡ᠃ ᠶᠠᠮᠠᠷᠪᠠ ᠮᠥᠷᠭᠦᠯᠳᠦᠭᠡᠨ ᠢ ᠡᠴᠦᠰ ᠲᠡᠭᠡᠨ ᠬᠡᠯᠡᠯᠴᠡᠭᠡ ᠪᠠᠷ ᠯᠡ ᠰᠢᠢᠳᠪᠦᠷᠢᠯᠡᠨ᠎ᠡ ᠭᠡᠳᠡᠭ ᠢ ᠲᠡᠦᠬᠡ ᠲᠠᠬᠢᠨ ᠳᠠᠪᠲᠠᠨ ᠭᠡᠷᠡᠴᠢᠯᠡᠭᠰᠡᠨ ᠪᠠᠶᠢᠨ᠎ᠠ᠃ ᠡᠯ᠎ᠡ ᠲᠠᠯ᠎ᠠ ᠶᠢᠨ ᠬᠢᠨ ᠶᠠᠷᠢᠯᠴᠠᠭ᠎ᠠ ᠪᠠᠨ ᠲᠠᠬᠢᠨ ᠡᠬᠢᠯᠡᠭᠦᠯᠵᠦ᠂ ᠢᠲᠡᠭᠡᠯᠴᠡᠭᠡ ᠪᠠᠨ ᠠᠯᠬᠤᠮ ᠠᠯᠬᠤᠮ ᠢᠶᠠᠷ ᠬᠤᠷᠠᠮᠳᠤᠭᠤᠯᠬᠤ ᠶᠢ ᠪᠢᠳᠡ ᠤᠷᠢᠶᠠᠯᠠᠵᠤ ᠪᠠᠶᠢᠨ᠎ᠠ︔ ᠤᠷᠤᠰ ᠦᠺᠷᠡᠶᠢᠨ ᠬᠤᠶᠠᠷ ᠲᠠᠯ᠎ᠠ ᠪᠠᠷ ᠢᠶᠠᠨ ᠮᠡᠳᠡᠷᠡᠵᠦ᠂ ᠡᠯ᠎ᠡ ᠲᠠᠯ᠎ᠠ ᠶᠢᠨ ᠬᠢᠨ ᠡᠷᠬᠡ ᠲᠡᠭᠰᠢ ᠪᠠᠷ ᠣᠷᠣᠯᠴᠠᠬᠤ᠂ ᠪᠤᠢ ᠪᠦᠬᠦᠢ ᠨᠠᠶᠢᠷᠠᠮᠳᠠᠯ ᠤᠨ ᠲᠥᠰᠦᠯ ᠢ ᠲᠥᠪ ᠭᠤᠣᠯᠴᠢ ᠪᠠᠷ ᠶᠠᠷᠢᠯᠴᠠᠬᠤ ᠴᠠᠬ ᠲᠠᠭᠠᠨ ᠲᠤᠬᠢᠷᠠᠬᠰᠠᠨ ᠤᠯᠠᠨ ᠤᠯᠤᠰ ᠤᠨ ᠨᠠᠶᠢᠷᠠᠮᠳᠠᠯ ᠤᠨ ᠬᠤᠷᠠᠯ ᠬᠤᠷᠠᠯᠳᠤᠭᠤᠯᠬᠤ ᠶᠢ ᠳᠡᠮᠵᠢᠨ᠎ᠠ︔ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠧᠦ᠋ᠷᠣᠫᠠ ᠲᠢᠪ ᠤᠨ ᠠᠮᠤᠷ ᠲᠦᠪᠰᠢᠨ ᠤ ᠪᠣᠷᠣ ᠲᠥᠯᠥᠪ ᠢ ᠪᠠᠶᠢᠭᠤᠯᠬᠤ ᠶᠢ ᠲᠡᠮᠵᠢᠨ᠎ᠡ ᠬᠡᠵᠤ ᠵᠢᠭᠠᠵᠤ ᠭᠠᠷᠭᠠᠪᠠ᠃   ᠰᠢ ᠶᠢᠨ ᠫᠢᠩ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ 75 ᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠳᠤᠮᠳᠠᠳᠤ ᠤᠯᠤᠰ ᠤᠨ ᠤᠯᠤᠰ ᠤᠨ ᠳᠦᠷᠰᠦ ᠪᠠᠶᠢᠳᠠᠯ ᠪᠣᠯᠤᠨ ᠠᠷᠠᠳ ᠤᠨ ᠠᠮᠢᠳᠤᠷᠠᠯ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠪᠠ᠂ ᠭᠡᠪᠡᠴᠦ ᠨᠢᠬᠡ ᠶᠠᠪᠤᠳᠠᠯ ᠨᠢ ᠶᠡᠷᠦ ᠠᠴᠠ ᠬᠤᠪᠢᠷᠠᠭ᠎ᠠ ᠦᠭᠡᠢ᠂ ᠲᠡᠷᠡ ᠨᠢ ᠳᠠᠷᠤᠢ ᠪᠢᠳᠡᠨ ᠤ ᠡᠩᠬᠡ ᠲᠠᠶᠢᠪᠤᠩ ᠰᠠᠶᠢᠨ ᠰᠠᠶᠢᠬᠠᠨ ᠮᠥᠨ ᠴᠢᠨᠠᠷ᠂ ᠠᠭᠤᠳᠠᠮᠴᠢ ᠪᠠᠭᠲᠠᠭᠠᠮᠵᠢᠲᠠᠢ ᠬᠡᠭᠦᠳᠡᠭ ᠴᠡᠭᠡᠵᠢ ᠪᠣᠯᠤᠨ ᠲᠥᠪ ᠭᠤᠣᠯᠴᠢ ᠰᠢᠳᠤᠷᠭᠤ ᠶᠣᠰᠣᠨ ᠤ ᠬᠥᠭᠡᠭᠡᠴᠡᠯᠳᠦᠯ ᠪᠣᠯᠤᠨ᠎ᠠ ᠃ ᠲᠡᠷᠡ ᠨᠢ 5000 ᠭᠠᠷᠤᠢ ᠵᠢᠯ ᠤᠨ ᠳᠤᠮᠳᠠᠳᠤ ᠶᠢᠨ ᠪᠣᠯᠪᠠᠰᠤᠨ ᠳᠤ ᠦᠨᠳᠦᠰᠦᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠰᠦᠭ ᠰᠦᠨᠡᠰᠦᠨ ᠤ ᠭᠦᠨ ᠳᠤ ᠦᠨᠳᠦᠰᠦᠯᠡᠵᠡᠢ᠃ ᠳᠤᠮᠳᠠᠳᠤ ᠤᠯᠤᠰ ᠳᠤᠷᠠᠲᠠᠶ᠎ᠠ ᠹᠷᠠᠨᠼᠢ ᠶᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ᠂ ᠬᠠᠷᠢᠯᠴᠠᠨ ᠬᠦᠨᠳᠦᠳᠭᠡᠭᠰᠡᠨ ᠰᠠᠭᠤᠷᠢᠨ ᠳᠡᠭᠡᠷ᠎ᠡ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠪᠠᠨ ᠬᠥᠭᠵᠢᠭᠦᠯᠵᠦ᠂ ᠭᠠᠷ ᠬᠤᠯᠪᠣᠨ ᠤᠷᠤᠭᠰᠢᠯᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠡᠭᠦᠷᠭᠡᠯᠡᠵᠤ᠂ ᠢᠷᠡᠭᠡᠳᠦᠢ ᠪᠠᠨ ᠬᠠᠮᠲᠤ ᠪᠠᠷ ᠴᠣᠭᠴᠠᠯᠠᠨ᠎ᠠ ᠬᠡᠵᠤ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢᠨ ᠫᠠᠷᠢᠰ ᠤᠨ 5 ᠰᠠᠷ᠎ᠠ ᠶᠢᠨ 6᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号