ᠰᠢ ᠶᠢᠨ ᠫᠢᠩ ᠮᠠᠶᠢᠺᠷᠤᠨ ᠲᠠᠢ ᠬᠠᠮᠳᠤ ᠳᠤᠮᠳᠠᠳᠤ ᠹᠷᠠᠨᠼᠢ ᠶᠢᠨ ᠠᠵᠤ ᠠᠬᠤᠶᠢᠯᠠᠯᠲᠠᠳ ᠤᠨ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠲᠡᠭᠦᠰᠭᠦ ᠶᠣᠰᠣᠯᠠᠯ ᠳᠤ ᠣᠷᠣᠯᠴᠠᠵᠥ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2024/5/7
   ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 6᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠷᠢᠰ ᠲᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠠᠮᠲᠤ ᠳᠤᠮᠳᠠᠳᠤ ᠹᠷᠠᠨᠼᠢ ᠶᠢᠨ ᠠᠵᠤ ᠠᠬᠤᠶᠢᠯᠠᠯᠲᠠᠳ ᠤᠨ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠲᠡᠭᠦᠰᠭᠦ ᠶᠣᠰᠣᠯᠠᠯ ᠳᠤ ᠣᠷᠣᠯᠴᠠᠭᠰᠠᠨ ᠪᠥᠭᠡᠳ ︽ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠨ ᠳᠤᠮᠳᠠᠳᠤ ᠹᠷᠠᠨᠼᠢ ᠶᠢᠨ ᠬᠠᠮᠲᠤᠷᠠᠯᠴᠠᠭᠠᠨ ᠤ ᠰᠢᠨ᠎ᠡ ᠴᠠᠭ ᠦᠶ᠎ᠡ ᠶᠢ ᠨᠡᠬᠡᠬᠡᠶ᠎ᠠ︾ ᠭᠡᠬᠦ ᠰᠡᠳᠦᠪ ᠢᠶᠠᠷ ᠴᠢᠬᠤᠯᠠ ᠪᠠᠶᠠᠷ ᠤᠨ ᠦᠭᠡ ᠬᠡᠯᠡᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠹᠷᠠᠨᠼᠢ ᠶᠢᠨ ᠠᠵᠤ ᠠᠬᠤᠶᠢᠯᠠᠯᠲᠠᠳ ᠤᠨ ᠲᠥᠯᠥᠭᠡᠯᠡᠭᠴᠢᠳ ᠲᠠᠢ ᠬᠠᠮᠲᠤ ᠬᠡᠷᠡᠯ ᠵᠢᠷᠤᠭ ᠲᠠᠲᠠᠭᠤᠯᠤᠭᠰᠠᠨ ᠤ ᠳᠠᠷᠠᠭ᠎ᠠ ᠬᠠᠮᠲᠤ ᠪᠠᠷ ᠲᠢᠶᠠᠲᠷ ᠤᠨ ᠶᠣᠰᠣᠯᠠᠯ ᠤᠨ ᠲᠠᠩᠬᠢᠮ ᠳᠤ ᠣᠷᠣᠪᠠ᠃   ᠬᠠᠯᠠᠭᠤᠨ ᠠᠯᠠᠭ᠎ᠠ ᠳᠠᠰᠢᠯᠳᠠ ᠶᠢᠨ ᠳᠤᠮᠳᠠ᠂ ᠰᠢ ᠶᠢᠨ ᠫᠢᠩ ᠪᠠᠶᠠᠷ ᠤᠨ ᠦᠬᠡ ᠬᠡᠯᠡᠪᠡ᠃
261.png
   ᠰᠢ ᠶᠢᠨ ᠫᠢᠩ᠂ ᠡᠨᠡ ᠵᠢᠯ ᠪᠣᠯ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠤᠨ᠎ᠠ᠃ 60 ᠵᠢᠯ ᠨᠢ ᠳᠤᠮᠳᠠᠳᠤ ᠤᠯᠤᠰ ᠤᠨ ᠤᠯᠠᠮᠵᠢᠯᠠᠯᠲᠤ ᠵᠢᠷᠤᠬᠠᠶ ᠳᠠᠬᠢ ᠨᠢᠭᠡ ᠵᠢᠷᠠᠨ ᠤ ᠡᠷᠭᠢᠯᠲᠡ ᠪᠠᠶᠢᠵᠥ᠂ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠰᠡᠩᠬᠡᠷᠡᠭᠦᠯᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠶᠢ ᠪᠡᠯᠭᠡᠳᠡᠵᠤ ᠪᠠᠶᠢᠳᠠᠭ᠃ 60 ᠵᠢᠯ ᠤᠨ ᠲᠤᠷᠰᠢ᠂ ᠳᠤᠮᠳᠠᠳᠤ ᠹᠷᠠᠨᠼᠢ ᠪᠣᠯ ᠦᠨᠡᠨᠴᠢ ᠨᠠᠶᠢᠵᠠ ᠪᠤᠯᠤᠯᠴᠠᠬᠰᠠᠭᠠᠷ ᠢᠷᠡᠵᠡᠢ᠃ ᠬᠤᠶᠠᠷ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠠᠷᠢᠯᠴᠠᠨ ᠣᠶᠢᠯᠠᠭᠠᠯᠴᠠᠬᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠷᠢᠯᠴᠠᠭ᠎ᠠ ᠪᠠᠶᠢᠭᠤᠯᠤᠬᠰᠠᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠳᠠᠯᠢ ᠪᠤᠰᠤ ᠪᠣᠯᠪᠠᠰᠤᠨ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠬᠥᠭᠵᠢᠯᠲᠡ ᠶᠢᠨ ᠲᠦᠪᠰᠢᠨ ᠪᠦᠬᠦᠢ ᠤᠯᠤᠰ ᠤᠨ ᠬᠠᠷᠢᠯᠴᠠᠨ ᠠᠮᠵᠢᠯᠲᠠ ᠤᠯᠬᠤ᠂ ᠬᠠᠮᠲᠤ ᠪᠠᠷ ᠤᠷᠤᠭᠰᠢᠯᠠᠬᠤ ᠶᠢᠨ ᠬᠡᠪ ᠳᠠᠭᠤᠷᠢᠶᠠᠯ ᠪᠣᠯᠵᠠᠢ᠃ 60 ᠵᠢᠯ ᠤᠨ ᠲᠤᠷᠰᠢ᠂ ᠳᠤᠮᠳᠠᠳᠤ ᠹᠷᠠᠨᠼᠢ ᠬᠠᠮᠲᠤ ᠪᠠᠷ ᠠᠰᠢᠭ ᠬᠦᠷᠳᠡᠬᠦ ᠬᠠᠨᠢᠲᠠᠨ ᠪᠤᠯᠤᠭᠰᠠᠭᠠᠷ ᠢᠷᠡᠵᠡᠢ᠃   ᠳᠤᠮᠳᠠᠳᠤ ᠤᠯᠤᠰ ᠨᠢᠭᠡᠨᠲᠡ ᠹᠷᠠᠨᠼᠢ ᠶᠢᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠠᠴᠠ ᠭᠠᠳᠠᠨᠠᠬᠢ ᠬᠠᠮᠤᠭ ᠤᠨ ᠲᠤᠮᠤ ᠠᠷᠠᠯᠵᠢᠶᠠᠨ ᠤ ᠬᠠᠨᠢᠲᠠᠨ ᠪᠤᠯᠵᠤ᠂ ᠬᠤᠶᠠᠷ ᠤᠯᠤᠰ ᠤᠨ ᠠᠵᠤ ᠠᠬᠤᠢ ᠨᠢᠭᠡᠨᠲᠡ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ ᠬᠦᠴᠦᠷᠬᠡᠭ ᠶᠡᠭᠡ ᠬᠠᠮᠲᠤ ᠤᠷᠤᠰᠢᠬᠤ ᠬᠠᠷᠢᠴᠠᠭ᠎ᠠ ᠶᠢ ᠪᠦᠷᠢᠯᠳᠦᠬᠦᠯᠪᠠ ᠬᠡᠵᠥ ᠵᠢᠭᠠᠵᠥ ᠭᠠᠷᠭᠠᠵᠠᠢ    ᠰᠢ ᠶᠢᠨ ᠫᠢᠩ᠂ ᠳᠤᠮᠳᠠᠳᠤ ᠤᠯᠤᠰ ᠪᠤᠯ ᠳᠣᠷᠣᠨᠠᠳᠠᠬᠢᠨ ᠤ ᠪᠣᠯᠪᠠᠰᠤᠨ ᠤ ᠴᠢᠬᠤᠯᠠ ᠲᠥᠯᠥᠭᠡᠯᠡᠭᠴᠢ᠂ ᠹᠷᠠᠨᠼᠢ ᠪᠤᠯ ᠥᠷᠥᠨᠡᠳᠠᠬᠢᠨ ᠤ ᠪᠣᠯᠪᠠᠰᠤᠨ ᠤ ᠴᠢᠬᠤᠯᠠ ᠲᠥᠯᠥᠭᠡᠯᠡᠭᠴᠢ ᠪᠣᠯᠤᠨ᠎ᠠ᠃ ᠳᠤᠮᠳᠠᠳᠤ ᠹᠷᠠᠨᠼᠢ ᠬᠤᠶᠠᠷ ᠤᠯᠤᠰ ᠲᠤ ᠭᠠᠵᠠᠷ ᠣᠷᠣᠨ ᠤ ᠤᠯᠤᠰ ᠲᠥᠷᠥ ᠶᠢᠨ ᠵᠥᠷᠢᠴᠡᠯ ᠦᠭᠡᠢ᠂ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠦᠭᠡᠢ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠵᠣᠷᠢᠭ ᠰᠠᠨᠠᠭᠠᠨ ᠤ ᠬᠠᠮᠲᠤ ᠶᠢᠨ ᠲᠠᠨᠢᠯᠲᠠ ᠲᠠᠢ ᠪᠠᠶᠢᠵᠤ᠂ ᠭᠡᠷᠡᠯ ᠰᠠᠴᠤᠷᠠᠩᠭᠤᠢ ᠰᠣᠶᠣᠯ ᠢᠶᠠᠷ ᠢᠶᠠᠨ ᠬᠠᠷᠢᠯᠴᠠᠨ ᠪᠠᠭ᠋ᠠᠷᠬᠠᠵᠤ᠂ ᠨᠡᠩ ᠴᠤ ᠥᠷᠭᠡᠨ ᠳᠡᠯᠭᠡᠷ ᠠᠰᠢᠭ ᠲᠤᠰᠠ ᠪᠦᠬᠦᠢ ᠪᠣᠳᠠᠲᠤ ᠠᠵᠢᠯᠯᠠᠭ᠎ᠠ ᠶᠢ ᠡᠷᠬᠢᠮᠯᠡᠬᠦ ᠬᠠᠮᠲᠤᠷᠠᠯᠴᠠᠭ᠎ᠠ ᠪᠣᠢ᠂ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠰᠠᠶᠢᠲᠤᠷ ᠬᠥᠭᠵᠢᠭᠦᠯᠬᠦ ᠦᠭᠡᠢ ᠪᠠᠶᠢᠬᠤ ᠤᠴᠢᠷ ᠰᠢᠯᠲᠠᠭᠠᠨ ᠥᠬᠡᠢ ᠶᠦᠮ᠃ ᠬᠥᠮᠦᠨ ᠲᠥᠷᠥᠯᠬᠢᠲᠡᠨ ᠤ ᠬᠥᠭᠵᠢᠯᠲᠡ ᠶᠢᠨ ᠰᠢᠨ᠎ᠡ ᠲᠤᠨᠤᠯᠵᠢᠨ ᠵᠠᠮ ᠤᠨ ᠠᠭᠤᠯᠵᠠᠷ ᠲᠤ ᠵᠣᠭᠰᠣᠵᠤ᠂ ᠳᠡᠯᠡᠬᠡᠢ ᠶᠢᠨ ᠵᠠᠭᠤᠨ ᠵᠢᠯ ᠳᠤ ᠲᠤᠬᠢᠶᠠᠯᠳᠤᠭ᠎ᠠ ᠦᠭᠡᠢ ᠬᠤᠪᠢᠰᠤᠯᠳᠠ ᠶᠢᠨ ᠠᠵᠠ ᠲᠤᠬᠢᠶᠠᠯ ᠤᠨ ᠡᠮᠤᠨ᠎ᠠ᠂ ᠳᠤᠮᠳᠠᠳᠤ ᠤᠯᠤᠰ ᠲᠤᠷᠠᠳᠠᠶ᠎ᠠ ᠹᠷᠠᠨᠼᠢ ᠯᠤᠭ᠎ᠠ ᠪᠥᠬᠦ ᠲᠠᠯ᠎ᠠ ᠶᠢᠨ ᠰᠣᠯᠢᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢ ᠨᠡᠩ ᠥᠨᠳᠥᠷ ᠲᠦᠪᠰᠢᠨ ᠳᠤ ᠠᠬᠢᠭᠤᠯᠵᠤ᠂ ᠨᠡᠩ ᠶᠡᠭᠡ ᠠᠮᠵᠢᠯᠲᠠ ᠣᠯᠬᠤ ᠶᠢ ᠠᠬᠢᠭᠤᠯᠤᠨ᠎ᠠ᠃   — ᠢᠷᠡᠭᠡᠳᠦᠢ ᠳᠤ ᠬᠠᠨᠳᠤᠨ᠂ ᠪᠢᠳᠡ ᠲᠤᠷᠠᠳᠠᠶ᠎ᠠ ᠹᠷᠠᠨᠼᠢ ᠶᠢᠨ ᠬᠢᠨ ᠲᠠᠢ ᠬᠠᠮᠲᠤ ᠪᠠᠷ ᠳᠤᠮᠳᠠᠳᠤ ᠹᠷᠠᠨᠼᠢ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭᠠᠨ ᠤ ᠠᠵᠤ ᠠᠬᠤᠢ ᠠᠷᠠᠯᠵᠢᠶᠠᠨ ᠤ ᠠᠭᠤᠯᠤᠭᠳᠠᠬᠤᠨ ᠢ ᠲᠡᠭᠦᠯᠳᠡᠷᠵᠢᠭᠦᠯᠤᠨ᠎ᠠ᠃ ᠳᠤᠮᠳᠠᠳᠤ ᠤᠯᠤᠰ ᠢᠮᠠᠬᠳᠠ ᠹᠷᠠᠨᠼᠢ ᠶᠢ ᠤᠷᠢᠳ ᠢᠶᠠᠷ ᠪᠤᠳᠤᠯᠬᠢᠯᠠᠬᠤ ᠪᠦᠭᠡᠳ ᠨᠠᠶᠢᠳᠠᠪᠤᠷᠢᠲᠠᠢ ᠬᠠᠮᠲᠤ ᠶᠢᠨ ᠠᠵᠢᠯᠯᠠᠭᠠᠨ ᠤ ᠬᠠᠨᠢᠲᠠᠨ ᠪᠤᠯᠭᠠᠵᠤ᠂ ᠬᠤᠶᠠᠷ ᠲᠠᠯ᠎ᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭᠠᠨ ᠤ ᠥᠷᠭᠡᠴᠡ ᠪᠣᠯᠤᠨ ᠭᠦᠨᠴᠡ ᠶᠢ ᠥᠷᠭᠡᠳᠭᠡᠵᠦ᠂ ᠰᠢᠨ᠎ᠡ ᠬᠦᠷᠢᠶ᠎ᠡ ᠶᠢ ᠨᠡᠭᠡᠭᠡᠨ᠂ ᠰᠢᠨ᠎ᠡ ᠬᠡᠪ ᠵᠠᠭᠪᠤᠷ ᠢ ᠡᠭᠦᠳᠦᠨ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠪᠠᠷ ᠴᠢᠷᠮᠠᠶᠢᠨ᠎ᠠ᠃ ᠳᠤᠮᠳᠠᠳᠤ ‍ᠤᠮᠤᠰ ᠲᠤᠷᠠᠳᠠᠶ᠎ᠠ ︽ᠹᠷᠠᠨᠼᠢ ᠶᠢᠨ ᠲᠠᠷᠢᠶᠠᠯᠠᠩ ᠤᠨ ᠲᠠᠯᠠᠪᠠᠢ ᠠᠴᠠ ᠳᠤᠮᠳᠠᠳᠤ ᠤᠯᠤᠰ ᠤᠨ ᠬᠤᠭᠤᠯᠠᠨ ᠰᠢᠷᠡᠭᠡ ᠬᠦᠷᠲᠡᠯ᠎ᠡ︾ ᠪᠦᠬᠦ ᠬᠡᠯᠬᠢᠶᠡᠲᠦ ᠲᠦᠷᠭᠡᠨ ᠬᠠᠮᠵᠢᠯᠴᠠᠭᠠᠨ ᠤ ᠲᠣᠭᠲᠠᠴᠠ ᠶᠢ ᠦᠷᠭᠦᠯᠵᠢᠯᠡᠨ ᠢᠳᠡᠪᠬᠢᠲᠡᠢ ᠠᠰᠢᠭᠯᠠᠨ᠂ ᠪᠢᠰᠢᠯᠠᠭ᠂ ᠬᠢᠮ᠎ᠠ᠂ ᠦᠵᠦᠮ ᠤᠨ ᠠᠷᠢᠬᠢ ᠵᠡᠷᠭᠡ ᠹᠷᠠᠨᠼᠢ ᠶᠢᠨ ᠨᠡᠩ ᠣᠯᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠤᠨ ᠠᠷᠠᠳ ᠤᠨ ᠬᠤᠭᠤᠯᠠᠨ ᠰᠢᠷᠡᠭᠡᠨ ᠳᠡᠭᠡᠷ᠎ᠡ ᠭᠠᠷᠭᠠᠨ᠎ᠠ᠃ ᠳᠤᠮᠳᠠᠳᠤ ‍ᠤᠮᠤᠰ᠂ ᠹᠷᠠᠨᠼᠢ ᠵᠡᠷᠭᠡ 12 ᠤᠯᠤᠰ ᠤᠨ ᠡᠷᠬᠡᠲᠦ ᠠᠷᠠᠳ ᠤᠨ ᠣᠬᠤᠷ ᠬᠤᠭᠤᠴᠠᠭᠠᠨ ᠳᠤ ᠳᠤᠮᠳᠠᠳᠤ ᠤᠯᠤᠰ ᠲᠤ ᠢᠷᠡᠬᠦ ᠦᠯᠤ ᠸᠢᠰᠠᠯᠠᠬᠤ ᠲᠥᠷᠥ ᠶᠢᠨ ᠪᠣᠳᠣᠯᠭ᠎ᠠ ᠶᠢ 2025 ᠣᠨ ᠤ ᠵᠢᠯ ᠤᠨ ᠡᠴᠦᠰ ᠪᠣᠯᠲᠠᠯ᠎ᠠ ᠤᠷᠲᠤᠳᠬᠠᠬᠤ ᠪᠠᠷ ᠲᠣᠭᠲᠠᠪᠠ᠃   ᠢᠷᠡᠭᠡᠳᠦᠢ ᠳᠤ ᠬᠠᠨᠳᠤᠨ᠂ ᠪᠢᠳᠡ ᠳᠤᠷᠠᠲᠠᠶ᠎ᠠ ᠹᠷᠠᠨᠼᠢ ᠶᠢᠨ ᠲᠠᠯ᠎ᠠ ᠯᠤᠭ᠎ᠠ ᠳᠤᠮᠳᠠᠳᠤ ᠧᠦ᠋ᠷᠣᠫᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠬᠠᠮᠲᠤ ᠪᠠᠷ ᠠᠬᠢᠭᠤᠯᠤᠨ᠎ᠠ᠃ ᠳᠤᠮᠳᠠᠳᠤ ᠧᠦ᠋ᠷᠣᠫᠠ ᠪᠣᠯ ᠤᠯᠠᠨ ᠲᠦᠢᠯᠰᠢᠷᠠᠬᠤ ᠶᠢ ᠠᠬᠢᠭᠤᠯᠬᠤ ᠬᠤᠶᠠᠷ ᠶᠡᠭᠡ ᠬᠦᠴᠦᠨ᠂ ᠳᠡᠯᠡᠬᠡᠶᠢᠵᠢᠯᠲᠡ ᠶᠢᠨ ᠬᠤᠶᠠᠷ ᠶᠡᠭᠡ ᠵᠠᠬ᠎ᠠ ᠳᠡᠯᠭᠡᠭᠦᠷ ᠢ ᠲᠡᠮᠵᠢᠬᠦ᠂ ᠤᠯᠠᠨ ᠶᠠᠩᠵᠤᠲᠤ ᠴᠢᠨᠠᠷ ᠢ ᠰᠠᠨᠠᠭᠠᠴᠢᠯᠠᠬᠤ ᠬᠤᠶᠠᠷ ᠶᠡᠭᠡ ᠪᠣᠯᠪᠠᠰᠤᠨ ᠮᠦᠨ᠃ ᠬᠤᠶᠠᠷ ᠲᠠᠯ᠎ᠠ ᠪᠠᠷ ᠢᠶᠠᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠵᠥᠪ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠴᠢᠩᠭᠠᠳᠬᠠᠵᠤ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ ᠲᠦᠷᠦᠴᠢᠯᠡᠬᠦ᠂ ᠦᠵᠡᠯ ᠤᠬᠠᠮᠰᠠᠷ ᠤᠨ ᠬᠡᠯᠪᠡᠷᠢᠴᠢᠯᠡᠬᠦ᠂ ᠨᠠᠷᠮᠠᠢ ᠠᠮᠤᠷ ᠲᠦᠪᠰᠢᠨ ᠪᠣᠯᠭᠠᠬᠤ ᠶᠢ ᠬᠠᠮᠲᠤ ᠪᠠᠷ ᠡᠰᠡᠷᠭᠦᠴᠡᠬᠦ ᠬᠡᠷᠡᠭᠳᠡᠢ᠃ ᠧᠦ᠋ᠷᠣᠫᠠ ᠶᠢᠨ ᠲᠠᠯ᠎ᠠ ᠳᠤᠮᠳᠠᠳᠤ ᠤᠯᠤᠰ ᠯᠤᠭ᠎ᠠ ᠦᠭᠡᠳᠡ ᠦᠭᠡᠳᠡ ᠠᠴᠠ ᠪᠠᠨ ᠤᠷᠤᠭᠰᠢᠯᠠᠵᠤ᠂ ᠶᠠᠷᠢᠯᠴᠠᠭ᠎ᠠ ᠪᠠᠷ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠷ ᠵᠥᠷᠢᠯᠳᠦᠭᠡᠨ ᠢᠶᠠᠨ ᠰᠢᠢᠳᠪᠦᠷᠢᠯᠡᠵᠦ᠂ ᠢᠲᠡᠭᠡᠯᠴᠡᠭᠡ ᠪᠠᠷ ᠠᠶᠤᠯ ᠲᠦᠭᠰᠢᠭᠦᠷᠢ ᠶᠢ ᠠᠷᠢᠯᠭᠠᠵᠤ᠂ ᠳᠤᠮᠳᠠᠳᠤ ᠧᠦ᠋ᠷᠣᠫᠠ ᠶᠢ ᠲᠤᠰ ᠲᠤᠰ ᠤᠨ ᠢᠶᠠᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠵᠠᠩᠭᠢᠯᠠᠭ᠎ᠠ ᠶᠢᠨ ᠬᠠᠨᠢᠲᠠᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠤᠷᠢᠳ ᠢᠶᠠᠷ ᠪᠣᠳᠣᠯᠬᠢᠯᠠᠬᠤ ᠬᠠᠨᠢᠲᠠᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭᠠᠨ ᠤ ᠢᠲᠡᠭᠡᠮᠵᠢᠲᠡᠢ ᠬᠠᠨᠢᠲᠠᠨ ᠪᠣᠯᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠴᠠᠬᠢᠯᠭᠠᠨ ᠬᠤᠯᠪᠣᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠪᠠᠨ ᠥᠷᠭᠡᠳᠭᠡᠵᠦ᠂ ᠵᠠᠬ᠎ᠠ ᠳᠡᠯᠭᠡᠭᠦᠷ ᠢᠶᠠᠨ ᠴᠢᠨᠠᠭᠰᠢᠳᠠ ᠨᠡᠭᠡᠭᠡᠵᠦ᠂ ᠹᠷᠠᠨᠼᠢ ᠪᠣᠯᠤᠨ ᠧᠦ᠋ᠷᠣᠫᠠ ᠲᠢᠪ ᠤᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠳᠤ ᠨᠡᠩ ᠤᠯᠠᠨ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠭᠦᠳᠴᠦ ᠥᠭᠭᠦᠨ᠎ᠡ᠃   ᠢᠷᠡᠭᠡᠳᠦᠢ ᠳᠤ ᠬᠠᠨᠳᠤᠨ᠂ ᠪᠢᠳᠡ ᠳᠤᠷᠠᠲᠠᠶ᠎ᠠ ᠹᠷᠠᠨᠼᠢ ᠶᠢᠨ ᠲᠠᠯ᠎ᠠ ᠯᠤᠭ᠎ᠠ ᠭᠠᠷ ᠬᠤᠯᠪᠣᠨ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠠᠷᠭᠠᠴᠠᠭᠠᠨ᠎ᠠ᠃ ᠣᠳᠣᠬᠠᠨ ᠤ ᠳᠡᠯᠡᠬᠡᠢ ᠶᠢᠨ ᠡᠩᠬᠡ ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠨᠡᠮᠡᠭᠳᠡᠭᠰᠡᠨ ᠠᠴᠠ ᠪᠢᠰᠢ ᠬᠠᠰᠤᠭᠳᠠᠭᠰᠠᠨ ᠦᠬᠡᠢ᠃ ᠳᠤᠮᠳᠠᠳᠤ ᠹᠷᠠᠨᠼᠢ ᠪᠣᠯ ᠴᠥᠮ ᠪᠡᠶ᠎ᠡ ᠪᠠᠨ ᠳᠠᠭᠠᠭᠠᠵᠤ ᠡᠵᠡᠨ ᠮᠡᠳᠡᠬᠦ ᠲᠤᠮᠤ ᠤᠯᠤᠰ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠮᠥᠨ᠂ ᠬᠠᠷᠢᠭᠤᠴᠠᠯᠭ᠎ᠠ ᠪᠠ ᠡᠭᠦᠷᠭᠡ ᠪᠠᠨ ᠡᠭᠦᠷᠭᠡᠯᠡᠵᠦ᠂ ᠳᠤᠮᠳᠠᠳᠤ ᠹᠷᠠᠨᠼᠢ ᠶᠢᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠢᠶᠠᠷ ᠳᠡᠯᠡᠬᠡᠢ ᠶᠢᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠵᠣᠬᠢᠴᠠᠭᠤᠯᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠭᠡ ᠲᠡᠭᠰᠢ ᠡᠮᠬᠢ ᠵᠢᠷᠤᠮ ᠲᠠᠢ ᠲᠡᠯᠡᠭᠡᠢ ᠶᠢᠨ ᠤᠯᠠᠨ ᠲᠦᠢᠯᠵᠢᠯᠳᠠ ᠪᠤᠯᠤᠨ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃   ᠰᠢ ᠶᠢᠨ ᠫᠢᠩ᠂ ᠣᠳᠣᠬᠠᠨ ᠳᠤ᠂ ᠳᠤᠮᠳᠠᠳᠤ ᠤᠯᠤᠰ ᠶᠠᠭ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠬᠥᠭᠵᠢᠭᠦᠯᠵᠦ ᠪᠠᠶᠢᠨ᠎ᠠ᠃ ᠪᠢᠳᠡ ᠤᠳᠤ ᠶᠠᠭ ᠥᠭᠡᠷᠡᠴᠢᠯᠡᠯᠲᠡ ᠶᠢ ᠴᠢᠨᠠᠬᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠶ᠊ ᠡᠶ᠎ᠡ ᠶᠢ ᠲᠥᠰᠦᠪᠯᠡᠨ ᠬᠡᠷᠡᠭᠵᠢᠭᠦᠯᠵᠦ᠂ ᠲᠦᠷᠢᠮ ᠤᠨ ᠬᠡᠯᠪᠡᠷᠢ ᠶᠢᠨ ᠨᠡᠭᠡᠭᠡᠯᠳᠡ ᠶᠢ ᠯᠠᠪᠳᠠᠭᠤᠨ ᠢᠶᠠᠷ ᠥᠷᠭᠡᠳᠭᠡᠨ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠴᠢᠨᠠᠬᠰᠢᠳᠠ ᠥᠷᠭᠡᠳᠭᠡᠵᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠪᠠᠭᠠᠰᠬᠠᠵᠤ ᠪᠠᠶᠢᠨ᠎ᠠ᠂ ᠡᠨᠡ ᠨᠢ ᠹᠷᠠᠨᠼᠢ ᠶᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠢ ᠬᠠᠩᠭᠠᠵᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠨᠡᠩ ᠤᠯᠠᠨ ᠠᠵᠠ ᠲᠣᠬᠢᠶᠠᠯ ᠢ ᠠᠪᠴᠢᠷᠠᠬᠤ ᠪᠣᠯᠤᠨ᠎ᠠ᠃ ᠹᠷᠠᠨᠼᠢ ᠶᠢᠨ ᠠᠵᠤ ᠠᠬᠤᠶᠢᠯᠠᠯᠲᠠᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠤ ᠴᠢᠬᠤᠯᠠᠴᠢᠯᠠᠪᠠ᠃   ᠰᠢ ᠶᠢᠨ ᠫᠢᠩ᠂ ᠬᠤᠶᠠᠷ ᠰᠠᠷ᠎ᠠ ᠭᠠᠷᠤᠶ ᠶᠢᠨ ᠳᠠᠷᠠᠭ᠎ᠠ᠂ ᠹᠷᠠᠨᠼᠢ ᠦᠪᠡᠳᠡᠭᠰᠢ ᠶᠡᠭᠡ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠤᠬᠳᠤᠨ ᠠᠪᠴᠢᠷᠠᠬᠤ ᠪᠤᠯᠤᠨ᠎ᠠ᠃ ᠣᠯᠢᠮᠫᠢᠺ ᠤᠨ ᠲᠠᠮᠢᠷ ᠤᠨ ᠴᠤᠭᠯᠠᠭᠠᠨ ᠪᠣᠯ ᠪᠦᠯᠬᠦᠮᠳᠡᠯ ᠪᠠ ᠨᠥᠬᠦᠷᠯᠡᠯ ᠤᠨ ᠪᠡᠯᠭᠡ ᠲᠡᠮᠳᠡᠭ ᠮᠥᠨ᠂ ᠪᠣᠯᠪᠠᠰᠤᠨ ᠢᠶᠠᠨ ᠬᠠᠷᠢᠯᠴᠠᠨ ᠲᠤᠯᠢᠳᠠᠬᠤ ᠶᠢᠨ ᠤᠬᠢ ᠪᠦᠲᠦᠭᠡᠯ ᠮᠥᠨ᠃ ᠪᠢᠳᠡ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠰᠠᠬᠢᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ︽ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ᠂ ᠨᠡᠩ ᠪᠦᠯᠬᠦᠮᠳᠡᠯ ᠲᠠᠢ︾ ᠣᠯᠢᠮᠫᠢᠺ ᠤᠨ ᠰᠡᠴᠡᠨ ᠦᠭᠡ ᠶᠢ ᠦᠢᠯᠡᠳᠦᠯᠭᠡᠵᠢᠭᠦᠯᠵᠦ᠂ ᠭᠠᠷ ᠬᠤᠯᠪᠣᠨ ᠳᠤᠮᠳᠠᠳᠤ ᠹᠷᠠᠨᠼᠢ ᠶᠢᠨ ᠬᠠᠮᠲᠤᠷᠠᠯᠴᠠᠭᠠᠨ ᠤ ᠰᠢᠨ᠎ᠡ ᠴᠠᠭ ᠦᠶ᠎ᠡ ᠶᠢ ᠨᠡᠭᠡᠭᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︕ ᠭᠡᠵᠤ ᠵᠢᠭᠠᠵᠤ ᠭᠠᠷᠭᠠᠪᠠ᠃ᠲᠤᠮᠳᠠᠳᠤ ᠹᠷᠠᠨᠼᠢ ᠬᠤᠶᠠᠷ ᠤᠯᠤᠰ ᠤᠨ ᠵᠠᠰᠠᠭ ᠤᠨ ᠤᠷᠳᠤᠨ᠂ ᠠᠵᠤ ᠠᠬᠤᠶᠢᠯᠠᠯ ᠵᠡᠷᠭᠡ ᠡᠯ᠎ᠠ ᠡᠳᠡᠭᠡᠳ ᠤᠨ ᠲᠦᠯᠦᠭᠡᠯᠡᠭᠴᠢ 200 ᠭᠠᠷᠤᠢ ᠬᠦᠮᠦᠨ ᠲᠡᠬᠦᠰᠬᠦ ᠶᠤᠰᠤᠯᠠᠯ ᠳᠤ ᠤᠷᠤᠯᠴᠠᠪᠠ᠃   ᠼᠠᠢ ᠴᠢ᠂ ᠸᠠᠩ ᠢ ᠲᠡᠭᠡᠷᠡᠬᠢ ᠠᠵᠢᠯᠯᠠᠭ᠎ᠠ ᠳᠤ ᠤᠷᠤᠯᠴᠠᠵᠠᠢ᠃   ︵ᠰᠢᠨᠬᠤᠸᠠ ᠬᠤᠷᠢᠶ᠎ᠠ ᠶᠢᠨ ᠫᠠᠷᠢᠰ ᠤᠨ 5 ᠰᠠᠷ᠎ᠠ ᠶᠢᠨ 6᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号