ᠰᠢ ᠶᠢᠨ ᠫᠢᠩ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠤ ᠤᠭᠲᠤᠬᠤ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/5/7
   ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 6᠎ ᠤ ᠦᠳᠡ ᠶᠢᠨ ᠬᠤᠶᠢᠨ᠎ᠠ᠂ ᠹᠷᠠᠨᠼᠢ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠷᠢᠰ ᠲᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠤ ᠦᠪᠡᠳᠡᠭᠰᠢ ᠶᠡᠭᠡ ᠤᠭᠲᠤᠬᠤ ᠶᠣᠰᠣᠯᠠᠯ ᠳᠤ ᠣᠷᠣᠯᠴᠠᠪᠠ᠃
259.png
   ᠲᠠᠪᠤᠨ ᠰᠠᠷ᠎ᠠ ᠶᠢᠨ ᠫᠠᠷᠢᠰ ᠲᠤ᠂ ᠠᠭᠤᠷ ᠠᠮᠢᠰᠬᠤᠯ ᠲᠠᠭᠠᠯᠠᠮᠵᠢᠳᠠᠢ ᠦᠡᠭᠭᠡ ᠦᠵᠡᠮᠵᠢ ᠭᠤᠶᠢᠳᠠ ᠰᠠᠶᠢᠬᠠᠨ᠃ ᠰᠧᠨ ᠭᠤᠣᠯ ᠤᠨ ᠬᠥᠪᠡᠭᠡᠨ ᠳᠤ᠂ ᠠᠯᠳᠠᠷᠳᠤ ᠴᠡᠷᠢᠭ ᠤᠨ ᠬᠦᠷᠢᠶᠡᠯᠡᠩ ᠤᠨ ᠠᠯᠲᠠᠨ ᠰᠢᠷᠭᠠᠯ ᠲᠡᠭᠡᠪᠤᠷ ᠠᠴᠠ ᠭᠡᠷᠡᠯ ᠰᠠᠴᠤᠷᠠᠵᠤ᠂ ᠲᠠᠪᠤᠨ ᠣᠳᠣᠲᠤ ᠤᠯᠠᠭᠠᠨ ᠲᠤᠭ ᠪᠣᠯᠤᠨ ᠬᠥᠬᠡ ᠴᠠᠭᠠᠨ ᠤᠯᠠᠭᠠᠨ ᠭᠤᠷᠪᠠᠨ ᠥᠩᠭᠡ ᠶᠢᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠃
260.png
    ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠲᠡᠷᠭᠡᠨ ᠳᠤ ᠰᠠᠭᠤᠵᠤ ᠬᠦᠷᠴᠦ ᠢᠷᠡᠬᠦ ᠳᠤ᠂ ᠮᠠᠶᠢᠺᠷᠤᠨ ᠪᠣᠯᠤᠨ ᠬᠠᠲᠤᠨ  ᠪᠦᠯᠢᠵᠢᠲ᠋ᠧ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠪᠠ᠃ ᠰᠦᠷ ᠵᠢᠪᠬᠤᠯᠠᠩᠳᠤ ᠤᠷᠤᠬᠰᠢᠯᠠᠯᠳᠠ ᠶᠢᠨ ᠠᠶᠠᠰ ᠤᠨ ᠳᠤᠮᠳᠠ ᠬᠤᠶᠠᠷ ᠤᠯᠤᠰ ᠤᠨ ᠲᠡᠷᠢᠭᠦᠨ ᠠᠭᠤᠳᠠᠮ ᠲᠠᠯᠠᠪᠠᠢ ᠳᠤ ᠠᠯᠬᠤᠨ ᠣᠷᠣᠪᠠ᠃ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠹᠷᠠᠨᠼᠢ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠬᠤᠶᠠᠷ ᠤᠯᠤᠰ ᠤᠨ ᠲᠡᠷᠢᠭᠦᠨ ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠬᠠᠮᠠᠭᠠᠯᠠᠬᠤ ᠠᠩᠭᠢ ᠪᠣᠯᠤᠨ ᠬᠠᠭᠤᠷᠠᠢ ᠳᠠᠯᠠᠢ ᠠᠭᠠᠷ ᠭᠤᠷᠪᠠᠨ ᠵᠠᠮ ᠤᠨ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠬᠦ ᠶᠢᠨ ᠵᠡᠷᠭᠡ ᠪᠠᠷ ᠵᠢᠭᠰᠠᠭᠠᠯ ᠢ ᠰᠢᠯᠭᠠᠨ ᠦᠵᠡᠪᠡ᠃ ᠳᠠᠷᠠᠭ᠎ᠠ ᠨᠢ᠂ ᠱᠢ ᠶᠢᠨ ᠫᠢᠩ ᠪᠣᠯᠤᠨ ᠫᠧᠩ ᠯᠢ ᠶᠤᠸᠠᠨ ᠹᠷᠠᠨᠼᠢ ᠶᠢᠨ ᠭᠤᠣᠯ ᠠᠯᠪᠠᠨ ᠲᠤᠰᠢᠶᠠᠯᠲᠠᠳ ᠲᠠᠢ ᠨᠢᠭᠡᠳ ᠨᠢᠭᠡ ᠪᠠᠷ ᠭᠠᠷ ᠠᠳᠬᠤᠵᠤ ᠮᠡᠨᠳᠦᠴᠢᠯᠡᠯ ᠬᠦᠷᠬᠡᠪᠡ᠃ ᠮᠠᠶᠢᠺᠷᠤᠨ ᠬᠠᠳᠤᠨ ᠲᠠᠢ ᠪᠠᠨ ᠲᠤᠮᠳᠠᠳᠤ ᠶᠢᠨ ᠲᠠᠯ᠎ᠠ ᠶᠢᠨ ᠪᠠᠷ᠎ᠠ ᠪᠣᠯᠤᠭᠰᠡᠳ ᠲᠠᠢ ᠲᠤᠰ ᠲᠤᠰ ᠭᠠᠷ ᠠᠳᠬᠤᠨ ᠮᠡᠨᠳᠦᠴᠢᠯᠡᠯ ᠬᠦᠷᠬᠡᠪᠡ᠃   ᠤᠭᠲᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠪᠣᠯᠤᠨ ᠫᠧᠩ ᠯᠢ ᠶᠤᠸᠠᠨ ᠪᠦᠭᠦᠳᠡ ᠨᠠᠶᠢᠷᠠᠮᠳᠠᠬᠤ ᠤᠯᠤᠰ ᠤᠨ ᠬᠠᠮᠠᠭᠠᠯᠠᠬᠤ ᠠᠩᠭᠢ ᠶᠢᠨ 148 ᠮᠣᠷᠢᠲᠤ ᠴᠡᠷᠢᠭ ᠢᠶᠠᠷ ᠪᠦᠷᠢᠯᠳᠦᠭᠰᠡᠨ ᠶᠣᠰᠣᠯᠠᠯ ᠤᠨ ᠴᠡᠷᠢᠭ ᠪᠣᠯᠤᠨ ᠮᠣᠲ᠋ᠣᠷ ᠲᠡᠷᠭᠡᠨ ᠤ ᠠᠩᠭᠢ ᠶᠢᠨ ᠬᠠᠮᠠᠭᠠᠯᠠᠯᠲᠠ ᠲᠠᠢ ᠪᠠᠷ᠂ ᠲᠡᠷᠭᠡᠨ ᠳᠤ ᠰᠠᠭᠤᠵᠤ ᠤᠯᠢᠰᠤ ᠣᠷᠳᠣᠨ ᠳᠤ ᠬᠦᠷᠪᠡ᠃   ᠼᠠᠢ ᠴᠢ᠂ ᠸᠠᠩ ᠢ ᠨᠠᠷ ᠤᠭᠲᠤᠬᠤ ᠶᠣᠰᠣᠯᠠᠯ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号