ᠳᠦᠷᠦᠬᠦᠦ ᠤᠯᠠᠷᠢᠯ ᠳᠤ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠷᠠᠯᠵᠢᠶᠠᠨ ᠤ ᠬᠡᠮᠵᠢᠶ᠎ᠡ 59% ᠪᠠᠷ ᠨᠡᠮᠡᠭᠳᠡᠵᠠᠢ
ᠨᠡᠶᠢᠲᠡᠯᠡᠭᠰᠡᠨ ᠴᠠᠭ᠄
2024/5/7
   4 ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠳᠦᠷᠦᠬᠦᠦ ᠤᠯᠠᠷᠢᠯ ᠳᠤ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠷᠠᠯᠵᠢᠶᠠᠨ ᠤ ᠬᠡᠮᠵᠢᠶ᠎ᠡ 10.9 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 59% ᠪᠠᠷ ᠨᠡᠮᠡᠭᠳᠡᠨ᠂ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶᠡᠨ ᠤ 41.7% ᠢᠢ ᠡᠵᠡᠯᠡᠵᠡᠢ᠃   ᠡᠨᠡ ᠵᠢᠯ ᠠᠴᠠ ᠨᠠᠭᠠᠰᠢ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠭᠵᠢᠯᠲᠡ ᠳᠤ ᠠᠩᠬᠠᠷᠤᠯ ᠢᠢᠡᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠶᠢ ᠠᠬᠢᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ᠂ ᠰᠢᠨ᠎ᠡ ᠬᠥᠭᠵᠢᠯᠲᠡ ᠶᠢ ᠲᠠᠰᠤᠷᠠᠯᠲᠠ ᠦᠭᠡᠢ ᠡᠷᠢᠯᠬᠢᠯᠡᠵᠦ᠂ ︽ᠴᠢᠳᠠᠮᠵᠢ ᠶᠢᠨ ᠲᠠᠪᠴᠠᠩ᠂ ᠦᠢᠯᠡᠴᠢᠯᠡᠭᠡ ᠶᠢᠨ ᠣᠷᠴᠢᠨ ᠨᠥᠬᠦᠴᠡᠯ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ︾ ᠭᠤᠷᠪᠠᠨ ᠵᠠᠩᠭᠢᠯᠠᠭ᠎ᠠ ᠶᠢᠨ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠦᠢᠯᠡᠳᠪᠦᠷᠢ ᠶᠢᠨ ᠳᠠᠰᠤᠭ᠂ ᠰᠣᠷᠭᠤᠭ ᠢ ᠪᠠᠲᠤᠯᠠᠬᠤ ᠪᠠ ᠬᠥᠯᠳᠡᠭᠡᠬᠦ ᠲᠥᠬᠦᠭᠡᠷᠦᠮᠵᠢ ᠵᠢᠴᠢ ᠠᠵᠤ ᠦᠢᠯᠡᠰ ᠤᠨ ᠢᠵᠢ ᠪᠦᠷᠢᠳᠦᠭᠦᠯᠬᠦ ᠦᠢᠯᠡᠴᠢᠯᠡᠭᠡ ᠶᠢᠨ ᠳᠤᠨᠤᠭ ᠲᠥᠬᠦᠭᠡᠷᠦᠮᠵᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠢᠢᠨ ᠬᠠᠮᠳᠤ ︽ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠵᠢᠷᠤᠮᠵᠢᠭᠤᠯᠤᠨ ᠠᠵᠢᠯᠯᠠᠭᠤᠯᠬᠤ ᠲᠥᠰᠥᠯ︾ ᠢ ᠨᠠᠶᠢᠷᠠᠭᠤᠯᠤᠨ ᠲᠣᠭᠲᠠᠭᠠᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠠᠵᠤ ᠠᠬᠤᠶᠢᠯᠠᠯ ᠢ ᠤᠷᠤᠭᠤᠯᠬᠤ᠂ ᠡᠵᠡᠩᠨᠡᠭᠦᠯᠬᠦ᠂ ᠭᠠᠷᠭᠠᠬᠤ ᠵᠡᠷᠭᠡ ᠡᠯ᠎ᠡ ᠭᠤᠭᠴᠤᠭ᠎ᠠ ᠶᠢ ᠵᠢᠷᠤᠮᠵᠢᠭᠤᠯᠤᠨ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠡᠢ᠃ ᠡᠭᠦᠨ ᠠᠴᠠ ᠭᠠᠳᠠᠨ᠎ᠠ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠪᠣᠯᠣᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠦ᠂ ᠡᠯᠧᠺᠳ᠋ᠷᠣᠨ ᠬᠤᠳᠠᠯᠳᠤᠭᠠᠨ ᠤ ᠳᠠᠪᠴᠠᠩ ᠤᠨ ᠥᠪᠡᠰᠤᠪᠠᠨ ᠡᠵᠡᠩᠨᠡᠬᠦ ᠬᠥᠮᠥᠷᠭᠡ ᠶᠢ ᠪᠠᠶᠢᠭᠤᠯᠤᠨ᠂ 5 ᠬᠢᠯᠢ ᠠᠯᠤᠰᠯᠠᠭᠰᠠᠨ ᠳᠡᠯᠭᠡᠭᠦᠷ ᠢ ᠰᠢᠨ᠎ᠡ ᠪᠠᠷ ᠪᠠᠶᠢᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号