ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 6 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠤᠷᠢᠯᠭ᠎ᠠ ᠪᠠᠷ ᠫᠠᠷᠢᠰ ᠤᠨ ᠡᠸ᠋ᠯᠢᠰᠧ ᠣᠷᠳᠣᠨ ᠳᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ᠂ ᠧᠦ᠋ᠷᠣᠫᠠ ᠲᠢᠪ ᠤᠨ | ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠤᠩᠳᠧᠯᠠᠶᠢ᠊ ᠊ ᠧᠨ ᠲᠠᠢ ᠳᠤᠮᠳᠠᠳᠤ ᠹᠷᠠᠨᠼᠢ ᠧᠦ᠋ᠷᠣᠫᠠ | ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠤᠳᠤᠷᠢᠳᠬᠤ ᠬᠥᠮᠦᠰ ᠤᠨ ᠭᠤᠷᠪᠠᠨ ᠲᠠᠯ᠎ᠠ ᠶᠢᠨ ᠠᠭᠤᠯᠵᠠᠯᠲᠠ | ᠬᠢᠪᠡ᠃ | | | ᠰᠢ ᠶᠢᠨ ᠫᠢᠩ᠂ ᠳᠤᠮᠳᠠᠳᠤ ᠤᠯᠤᠰ ᠢᠮᠠᠭᠲᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ | ᠬᠠᠷᠠᠭᠠᠰᠤ ᠠᠴᠠ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠳᠤ ᠬᠠᠨᠳᠤᠵᠤ᠂ ᠧᠦ᠋ᠷᠣᠫᠠ ᠲᠢᠪ ᠢ ᠳᠤᠮᠳᠠᠳᠤ ᠤᠯᠤᠰ ᠤᠨ | ᠣᠨᠴᠠᠯᠢᠭ ᠲᠠᠢ ᠲᠤᠮᠤ ᠤᠯᠤᠰ ᠤᠨ ᠭᠠᠳᠠᠭᠠᠳᠤ ᠬᠠᠷᠢᠯᠴᠠᠭᠠᠨ ᠤ ᠴᠢᠬᠤᠯᠠ ᠴᠢᠭᠯᠡᠯ ᠪᠣᠯᠤᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠬᠠᠨᠢᠲᠠᠨ ᠢᠶᠠᠨ ᠪᠣᠯᠭᠠᠵᠤ ᠪᠠᠶᠢᠨ᠎ᠠ᠂ ᠳᠤᠮᠳᠠᠳᠤ ᠹᠷᠠᠨᠼᠢ ᠶᠢᠨ | ᠬᠠᠷᠢᠯᠴᠠᠭ᠎ᠠ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠬᠠᠷᠢᠯᠴᠠᠨ ᠠᠬᠢᠭᠤᠯᠵᠤ ᠬᠠᠮᠲᠤ ᠪᠠᠷ ᠬᠥᠭᠵᠢᠬᠦ ᠶᠢ ᠬᠦᠰᠡᠵᠦ | ᠪᠠᠶᠢᠨ᠎ᠠ᠃ ᠣᠳᠣᠬᠠᠨ ᠤ ᠳᠡᠯᠡᠬᠡᠢ ᠵᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠂ | ᠳᠤᠮᠳᠠᠳᠤ ᠧᠦ᠋ᠷᠣᠫᠠ ᠨᠢ ᠬᠤᠶᠠᠷ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠬᠠᠨᠢᠲᠠᠨ ᠤ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠶᠠᠷᠢᠯᠴᠠᠭ᠎ᠠ ᠬᠠᠮᠲᠤᠷᠠᠯᠴᠠᠭ᠎ᠠ ᠬᠢᠬᠦ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ | ᠤᠯᠤᠯᠴᠠᠭ᠎ᠠ ᠪᠠᠨ ᠭᠦᠨᠵᠡᠭᠡᠶᠢᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠪᠠᠶᠢᠯᠳᠤᠬᠤ | ᠪᠤᠳᠤᠯᠭ᠎ᠠ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠥᠷᠨᠢᠭᠦᠯᠵᠦ᠂ | ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠲᠣᠭᠲᠠᠭᠤᠨ ᠡᠷᠡᠭᠦᠯ ᠬᠥᠭᠵᠢᠯᠲᠡ ᠶᠢ ᠠᠬᠢᠭᠤᠯᠵᠤ᠂ ᠳᠡᠯᠡᠬᠡᠢ ᠶᠢᠨ ᠡᠩᠬᠡ | ᠲᠠᠶᠢᠪᠤᠩ ᠪᠣᠯᠤᠨ ᠬᠥᠭᠵᠢᠯᠲᠡ ᠳᠤ ᠳᠠᠰᠤᠷᠠᠯᠳᠠ ᠦᠬᠡᠢ ᠰᠢᠨ᠎ᠡ ᠬᠤᠪᠢ ᠨᠡᠮᠡᠷᠢ ᠦᠵᠡᠭᠦᠯᠪᠡᠯ ᠵᠣᠬᠢᠨ᠎ᠠ ᠬᠡᠵᠥ ᠵᠢᠭᠠᠵᠥ | ᠭᠠᠷᠭᠠᠪᠠ᠃ | ᠰᠢ ᠶᠢᠨ ᠫᠢᠩ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠪᠠ | ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠪᠠᠶᠢᠵᠤ᠂ ᠴᠢᠭᠯᠡᠬᠦᠯᠬᠦ ᠦᠭᠡᠢ᠂ ᠲᠦᠰᠢᠭᠯᠡᠬᠦ ᠦᠭᠡᠢ᠂ ᠪᠠᠰᠠ | ᠭᠤᠷᠪᠠᠳᠠᠬᠴᠢ ᠡᠲᠡᠭᠡᠳ ᠲᠤ ᠬᠢᠵᠠᠭᠠᠷᠯᠠᠭᠳᠠᠬᠤ ᠦᠭᠡᠢ ᠶᠤᠮ᠃ ᠧᠦ᠋ᠷᠣᠫᠠ ᠲᠢᠪ ᠤᠨ ᠤᠯᠤᠰ ᠤᠳ ᠤᠨ ᠬᠤᠯᠪᠣᠭᠠᠨ ᠤ | ᠪᠠᠶᠢᠭᠤᠯᠤᠮᠵᠢ ᠶᠢ ᠳᠤᠮᠳᠠᠳᠤ ᠤᠯᠤᠰ ᠤᠨ ᠲᠤᠬᠠᠢ ᠵᠦᠪ ᠲᠠᠨᠢᠯᠳᠠ ᠲᠠᠢ ᠪᠤᠯᠵᠤ᠂ ᠲᠤᠮᠳᠠᠳᠤ ᠤᠯᠤᠰ ᠲᠤ ᠢᠳᠡᠪᠬᠢᠲᠡᠢ | ᠲᠥᠷᠥ ᠶᠢᠨ ᠪᠣᠳᠣᠯᠭ᠎ᠠ ᠲᠣᠭᠲᠠᠭᠠᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠭᠤᠣᠯᠯᠠᠭᠴᠢ | ᠠᠰᠢᠭ ᠲᠤᠰᠠ ᠪᠣᠯᠤᠨ ᠴᠢᠬᠤᠯᠠ ᠶᠡᠭᠡ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠬᠦᠨᠳᠦᠳᠭᠡᠵᠦ᠂ ᠳᠤᠮᠳᠠᠳᠤ | ᠧᠦ᠋ᠷᠣᠫᠠ ᠶᠢᠨ ᠬᠠᠷᠢᠯᠴᠠᠭ᠎ᠠ ᠶᠢᠨ ᠤᠯᠤᠰ ᠲᠦᠷᠦ ᠶᠢᠨ ᠰᠠᠭᠤᠷᠢ ᠪᠣᠯᠤᠨ ᠤᠯᠠᠨ ᠤᠯᠤᠰ ᠤᠨ ᠬᠠᠷᠢᠯᠴᠠᠭᠠᠨ ᠤ | ᠦᠨᠳᠦᠰᠦᠨ ᠪᠠᠷᠢᠮᠵᠢᠶ᠎ᠠ ᠶᠢ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ᠰᠢᠨ᠎ᠡ ᠨᠢᠭᠡ ᠤᠳᠠᠭ᠎ᠠ ᠶᠢᠨ ᠳᠤᠮᠳᠠᠳᠤ | ᠧᠦ᠋ᠷᠣᠫᠠ ᠶᠢᠨ ᠤᠳᠤᠷᠢᠳᠬᠤ ᠬᠥᠮᠦᠰ ᠤᠨ ᠠᠭᠤᠯᠵᠠᠯᠲᠠ ᠵᠢᠴᠢ ᠪᠠᠶᠢᠯᠳᠤᠬᠤ ᠪᠤᠳᠤᠯᠭ᠎ᠠ᠂ ᠠᠵᠤ ᠠᠬᠤᠢ ᠠᠷᠠᠯᠵᠢᠶ᠎ᠠ᠂ | ᠪᠣᠬᠢᠷᠲᠤᠯ ᠦᠭᠡᠢ᠂ ᠲᠣᠭᠠᠴᠢᠯᠠᠭᠰᠠᠨ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢ ᠰᠠᠶᠢᠲᠤᠷ ᠪᠡᠯᠡᠳᠭᠡᠨ ᠡᠷᠬᠢᠯᠡᠵᠦ᠂ | ᠲᠣᠭᠲᠠᠭᠤᠨ ᠬᠠᠷᠢᠯᠴᠠᠨ ᠢᠲᠡᠭᠡᠯᠴᠡᠭᠰᠡᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠨᠢᠲᠠᠨ ᠤ | ᠬᠠᠷᠢᠯᠴᠠᠭ᠎ᠠ ᠶᠢ ᠪᠤᠢ ᠪᠣᠯᠭᠠᠶ᠎ᠠ᠃ ᠲᠤᠮᠳᠠᠳᠤ ᠤᠯᠤᠰ ᠡᠸᠦ᠋ᠷᠦᠫᠡ ᠶᠢᠨ ᠤᠯᠤᠰ ᠤᠳ ᠲᠤ ᠦᠯᠤ ᠸᠢᠰᠠᠯᠠᠬᠤ ᠲᠥᠷᠥ ᠶᠢᠨ | ᠪᠣᠳᠣᠯᠭ᠎ᠠ ᠪᠠ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠳᠤᠮᠳᠠᠳᠤ ᠤᠯᠤᠰ ᠲᠤ ᠢᠷᠡᠬᠦ ᠳᠥᠭᠦᠮ ᠲᠥᠳᠡ | ᠲᠣᠬᠢᠷᠠᠭᠤᠯᠤᠯᠲᠠ ᠶᠢ ᠰᠠᠶᠢᠲᠤᠷ ᠬᠡᠷᠡᠭᠯᠡᠵᠦ᠂ ᠠᠷᠠᠳ ᠤᠨ ᠬᠤᠭᠤᠷᠤᠨᠳᠤᠬᠢ ᠪᠠ ᠣᠷᠣᠨ ᠨᠤᠲᠤᠭ ᠤᠨ ᠶᠠᠪᠤᠯᠴᠠᠭ᠎ᠠ᠂ | ᠰᠤᠷᠭᠠᠨ ᠬᠥᠮᠥᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠵᠣᠷᠢᠭᠵᠢᠭᠤᠯᠤᠨ᠂ ᠳᠤᠮᠳᠠᠳᠤ | ᠡᠸᠦ᠋ᠷᠦᠫᠡ ᠶᠢᠨ ᠬᠠᠷᠢᠯᠴᠠᠭ᠎ᠠ ᠶᠢ ᠰᠠᠶᠢᠵᠢᠷᠠᠭᠤᠯᠬᠤ ᠠᠷᠠᠳ ᠤᠨ ᠰᠠᠨᠠᠭᠠᠨ ᠤ ᠰᠠᠭᠤᠷᠢ ᠪᠠ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠰᠠᠶᠢᠵᠢᠷᠠᠭᠤᠯᠤᠶ᠎ᠠ ᠭᠡᠵᠤ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠨᠡᠭᠡᠭᠡᠯᠲᠡᠲᠦ ᠥᠷᠢᠰᠥᠯᠳᠦᠭᠡᠨ ᠤ | ᠳᠤᠮᠳᠠ ᠵᠢᠩᠬᠢᠨᠢ ᠴᠢᠳᠠᠪᠤᠷᠢ ᠶᠢ ᠪᠣᠯᠪᠠᠰᠤᠷᠠᠭᠤᠯᠵᠤ᠂ ᠲᠡᠷᠢᠬᠦᠨ ᠤ ᠦᠢᠯᠡᠳᠪᠤᠷᠢᠯᠡᠯ ᠤᠨ ᠴᠢᠳᠠᠪᠤᠷᠢ ᠶᠢ ᠲᠦᠯᠦᠭᠡᠯᠡᠵᠤ᠂ | ᠪᠦᠬᠦ ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠦᠬᠦ ᠪᠥᠮᠪᠥᠷᠴᠡᠭ ᠤᠨ ᠵᠣᠭᠤᠰ ᠮᠠᠭᠤᠳᠠᠬᠤ ᠳᠠᠷᠤᠯᠲᠠ ᠶᠢ | ᠨᠠᠮᠳᠠᠭᠤᠯᠤᠬᠰᠠᠨ ᠪᠦ᠋ᠭᠡᠳ ᠪᠠᠰᠠ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠣᠯᠤᠨ | ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠡᠢ᠃ ᠬᠠᠷᠢᠴᠠᠩᠭᠤᠢ | ᠳᠠᠪᠠᠭᠤᠯᠢᠭ ᠪᠤᠶᠤ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠵᠣᠭᠰᠤᠴᠠ ᠠᠴᠠ ᠦᠵᠡᠪᠡᠯ᠂ ︽ | ᠳᠤᠮᠳᠠᠳᠤ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ ᠠᠰᠠᠭᠤᠳᠠᠯ︾ ᠭᠡᠳᠡᠭ ᠨᠢ ᠪᠦᠷ ᠤᠷᠤᠰᠢᠬᠤ | ᠦᠭᠡᠢ᠃ ᠳᠤᠮᠳᠠᠳᠤ ᠧᠦ᠋ᠷᠣᠫᠠ ᠶᠢᠨ ᠬᠠᠮᠲᠤᠷᠠᠯᠴᠠᠭᠠᠨ ᠤ ᠮᠥᠨ ᠴᠢᠨᠠᠷ ᠪᠣᠯ ᠳᠠᠪᠠᠭᠤᠯᠢᠭ ᠢᠶᠠᠷ ᠢᠶᠠᠨ ᠬᠠᠷᠢᠯᠴᠠᠨ | ᠨᠥᠬᠦᠪᠦᠷᠢᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠤ᠂ ᠬᠤᠶᠠᠷ ᠲᠠᠯ᠎ᠠ ᠪᠠᠷ ᠢᠶᠠᠨ ᠪᠣᠬᠢᠷᠲᠤᠯ ᠦᠭᠡᠢ ᠪᠠ | ᠲᠣᠭᠠᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠤᠮᠳᠠ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠪᠠ ᠯᠤᠲᠤ | ᠶᠡᠭᠡ ᠬᠠᠮᠲᠤᠷᠠᠯᠴᠠᠭᠠᠨ ᠤ ᠣᠷᠣᠨ ᠵᠠᠢ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠶᠠᠷᠢᠯᠴᠠᠭ᠎ᠠ ᠵᠥᠪᠳᠡᠯᠴᠡᠭᠡ ᠪᠠᠷ | ᠳᠠᠮᠵᠢᠭᠤᠯᠤᠨ ᠠᠵᠤ ᠠᠬᠤᠢ ᠠᠷᠠᠯᠵᠢᠶᠠᠨ ᠤ ᠮᠦᠷᠬᠦᠯᠳᠦᠭᠡᠨ ᠢᠶᠠᠨ ᠵᠤᠬᠢᠰᠳᠠᠢ ᠰᠢᠢᠳᠪᠦᠷᠢᠯᠡᠵᠦ᠂ ᠬᠤᠶᠠᠷ ᠲᠠᠯ᠎ᠠ ᠶᠢᠨ ᠵᠦᠢ | ᠶᠤᠰᠤᠨ ᠤ ᠠᠩᠬᠠᠷᠴᠤ ᠪᠠᠶᠢᠭ᠎ᠠ ᠠᠰᠠᠭᠤᠳᠠᠯ ᠢ ᠬᠠᠷᠠᠭᠠᠯᠵᠠᠪᠡᠯ ᠵᠤᠬᠢᠨ᠎ᠠ ᠭᠡᠵᠤ ᠵᠢᠭᠠᠵᠤ ᠭᠠᠷᠭᠠᠪᠠ᠃ | ᠮᠠᠶᠢᠺᠷᠤᠨ᠂ ᠡᠨᠡ ᠵᠢᠯ ᠪᠣᠯ ᠹᠷᠠᠨᠼᠢ ᠳᠤᠮᠳᠠᠳᠤ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ | ᠪᠣᠯᠤᠨ᠎ᠠ᠂ ᠹᠷᠠᠨᠼᠢ ᠳᠤᠮᠳᠠᠳᠤ ᠶᠢᠨ ᠬᠠᠮᠲᠤᠷᠠᠯᠴᠠᠭ᠎ᠠ ᠮᠠᠰᠢ ᠤᠯᠠᠨ ᠴᠢᠬᠤᠯᠠ ᠦᠷ᠎ᠡ ᠪᠦᠲᠦᠭᠡᠯ ᠣᠯᠵᠠᠢ᠃ ᠲᠡᠷᠢᠭᠦᠯᠡᠭᠴᠢ | ᠰᠢ ᠶᠢᠨ ᠫᠢᠩ ᠹᠷᠠᠨᠼᠢ ᠳᠤ ᠭᠤᠷᠪᠠᠳᠤᠭᠠᠷ ᠤᠳᠠᠭ᠎ᠠ ᠶᠢᠨ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠬᠤ | ᠬᠤᠭᠤᠴᠠᠭᠠᠨ ᠳᠠᠭᠠᠨ ᠹᠷᠠᠨᠼᠢ ᠳᠤᠮᠳᠠᠳᠤ ᠧᠦ᠋ᠷᠣᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ | ᠬᠥᠮᠦᠰ ᠤᠨ ᠭᠤᠷᠪᠠᠨ ᠲᠠᠯ᠎ᠠ ᠶᠢᠨ ᠠᠭᠤᠯᠵᠠᠯᠲᠠ ᠬᠢᠭᠰᠡᠨ ᠳᠤ ᠮᠠᠰᠢ ᠪᠠᠶᠠᠷᠯᠠᠵᠤ ᠪᠠᠶᠢᠨ᠎ᠠ᠃ ᠡᠨᠡ ᠪᠣᠯ ᠥᠩᠭᠡᠷᠡᠭᠰᠡᠨ | ᠬᠡᠳᠦᠨ ᠤᠳᠠᠭ᠎ᠠ ᠶᠢᠨ ᠹᠷᠠᠨᠼᠢ ᠳᠤᠮᠳᠠᠳᠤ ᠧᠦ᠋ᠷᠣᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ | ᠬᠥᠮᠦᠰ ᠤᠨ ᠭᠤᠷᠪᠠᠨ ᠲᠠᠯ᠎ᠠ ᠶᠢᠨ ᠠᠭᠤᠯᠵᠠᠯᠲᠠ ᠶᠢᠨ ᠦᠷᠭᠦᠯᠵᠢᠯᠡᠯ ᠪᠣᠯᠬᠤ ᠪᠥᠭᠡᠳ ᠪᠠᠰᠠ ᠴᠦ ᠡᠯ᠎ᠡ ᠵᠦᠢᠯ ᠤᠨ ᠤᠯᠠᠨ | ᠤᠯᠤᠰ ᠤᠨ ᠥᠷᠢᠰᠥᠯᠳᠦᠭᠡᠨ ᠢ ᠠᠷᠭᠠᠴᠠᠭᠠᠬᠤ ᠲᠤᠯᠭᠠᠮ ᠬᠡᠷᠡᠭᠴᠡᠭᠡ ᠪᠣᠯᠤᠨ᠎ᠠ᠃ ᠣᠳᠣᠬᠠᠨ ᠤ ᠳᠡᠯᠡᠬᠡᠢ ᠵᠢᠷᠲᠢᠨᠴᠦ | ᠴᠢᠬᠤᠯᠠ ᠶᠡᠭᠡ ᠥᠷᠢᠰᠥᠯᠳᠦᠭᠡᠨ ᠳᠤ ᠲᠤᠯᠭᠠᠷᠠᠵᠤ᠂ ᠳᠡᠯᠡᠬᠡᠢ ᠶᠢᠨ ᠪᠠᠶᠢᠳᠠᠯ ᠵᠠᠩᠭᠢᠯᠠᠭ᠎ᠠ ᠶᠢᠨ ᠡᠷᠭᠢᠯᠲᠡ ᠶᠢᠨ ᠴᠡᠭ ᠲᠤ | ᠣᠷᠣᠰᠢᠵᠤ ᠪᠠᠶᠢᠨ᠎ᠠ᠂ ᠹᠷᠠᠨᠼᠢ ᠪᠣᠯᠤᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠬᠢᠨ ᠥᠩᠭᠡᠷᠡᠭᠰᠡᠨ ᠤ | ᠠᠯᠢ ᠴᠤ ᠦᠶ᠎ᠡ ᠠᠴᠠ ᠢᠯᠡᠭᠦᠦ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠴᠢᠬᠤᠯᠠᠳᠠᠢ ᠪᠠᠶᠢᠨ᠎ᠠ᠂ | ᠡᠨᠡ ᠨᠢ ᠧᠦ᠋ᠷᠣᠫᠠ ᠲᠢᠪ ᠤᠨ ᠢᠷᠡᠭᠡᠳᠦᠢ ᠳᠤ ᠬᠤᠯᠪᠣᠭᠳᠠᠨ᠎ᠠ᠃ ᠹᠷᠠᠨᠼᠢ ᠶᠢᠨ ᠬᠢᠨ ᠳᠤᠮᠳᠠᠳᠤ ᠤᠯᠤᠰ ᠯᠤᠭ᠎ᠠ ᠶᠠᠷᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠹᠷᠠᠨᠼᠢ ᠳᠤᠮᠳᠠᠳᠤ᠂ ᠧᠦ᠋ᠷᠣᠫᠠ ᠳᠤᠮᠳᠠᠳᠤ ᠶᠢᠨ ᠬᠤᠭᠤᠷᠣᠨᠳᠣᠬᠢ ᠢᠲᠡᠭᠡᠯᠴᠡᠭᠡ | ᠪᠠ ᠨᠥᠬᠦᠷᠯᠡᠯ ᠢᠶᠠᠨ ᠵᠤᠵᠠᠭᠠᠳᠬᠠᠬᠤ ᠶᠢ ᠬᠦᠰᠡᠵᠦ ᠪᠠᠶᠢᠨ᠎ᠠ᠃ ᠧᠦ᠋ᠷᠣᠫᠠ ᠶᠢᠨ ᠬᠢᠨ ︽ᠬᠠᠷᠢᠴᠠᠭ᠎ᠠ ᠲᠠᠰᠤᠯᠬᠤ︾ ᠢᠢ | ᠵᠥᠪᠰᠢᠶᠡᠷᠡᠬᠦ ᠥᠬᠡᠶ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠧᠦ᠋ᠷᠣᠫᠠ ᠳᠤ ᠢᠷᠡᠵᠦ ᠪᠠᠯᠠ ᠣᠷᠣᠭᠤᠯᠵᠤ | ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ | ᠂ ᠧᠦ᠋ᠷᠣᠫᠠ ᠲᠢᠪ ᠤᠨ ᠥᠷᠲᠡᠭ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ | ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ᠃ ᠹᠷᠠᠨᠼᠢ ᠶᠢᠨ ᠬᠢᠨ ᠳᠤᠮᠳᠠᠳᠤ ᠤᠯᠤᠰ ᠯᠤᠭ᠎ᠠ ᠨᠢᠭᠲᠠ ᠬᠠᠮᠲᠤᠷᠠᠯᠴᠠᠵᠤ᠂ | ᠠᠭᠤᠷ ᠠᠮᠢᠰᠬᠤᠯ ᠤᠨ ᠬᠤᠪᠢᠷᠠᠯᠲᠠ᠂ ᠲᠠᠯᠠᠢ ᠲᠠᠩᠭᠢᠰ ᠤᠨ ᠤᠯᠠᠨ ᠶᠠᠩᠵᠤᠲᠤ ᠴᠢᠨᠠᠷ ᠵᠡᠷᠭᠡ ᠪᠦᠬᠦ ᠪᠥᠮᠪᠥᠷᠴᠡᠭ ᠤᠨ | ᠴᠢᠨᠠᠷᠲᠠᠢ ᠥᠷᠢᠰᠥᠯᠳᠦᠭᠡᠨ ᠢ ᠠᠷᠭᠠᠴᠠᠭᠠᠬᠤ ᠶᠢ ᠬᠦᠰᠡᠵᠦ ᠪᠠᠶᠢᠨ᠎ᠠ ᠬᠡᠵᠤ ᠢᠯᠡᠳᠬᠡᠪᠡ᠃ | ᠹᠤᠩᠳᠧᠯᠠᠢ᠊ ᠊ ᠡᠸ᠋ᠨ᠂ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠰᠠᠶᠢᠨ ᠪᠠᠶᠢᠨ᠎ᠠ᠂ ᠢᠷᠡᠬᠦ ᠵᠢᠯ ᠪᠣᠯ ᠧᠦ᠋ᠷᠣᠫᠠ | ᠲᠢᠪ ᠤᠨ ᠤᠯᠤᠰ ᠤᠳ ᠤᠨ ᠬᠤᠯᠪᠣᠭ᠎ᠠ ᠪᠣᠯᠤᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 | ᠵᠢᠯ ᠤᠨ ᠤᠢ ᠪᠣᠯᠤᠨ᠎ᠠ᠃ ᠳᠤᠮᠳᠠᠳᠤ ᠤᠯᠤᠰ ᠤᠨ ᠪᠦᠬᠦ ᠪᠥᠮᠪᠥᠷᠴᠡᠭ ᠤᠨ ᠬᠡᠷᠡᠭ ᠶᠠᠪᠤᠳᠠᠯ ᠳᠠᠬᠢ ᠪᠠᠶᠢᠷᠢ ᠰᠠᠭᠤᠷᠢ | ᠦᠢᠯᠡᠳᠦᠯ ᠮᠠᠰᠢ ᠴᠢᠬᠤᠯᠠ ᠶᠤᠮ᠂ ᠳᠤᠮᠳᠠᠳᠤ ᠤᠯᠤᠰ ᠯᠤᠭ᠎ᠠ ᠰᠠᠶᠢᠨ ᠰᠠᠶᠢᠬᠠᠨ ᠬᠠᠷᠢᠯᠴᠠᠭ᠎ᠠ ᠪᠠᠨ ᠪᠠᠲᠤᠯᠠᠬᠤ ᠨᠢ | ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠳᠤ ᠲᠦᠢᠯ ᠤᠨ ᠴᠢᠬᠤᠯᠠ ᠶᠤᠮ᠂ ᠡᠨᠡ ᠨᠢ ᠪᠠᠰᠠ ᠠᠭᠤᠷ | ᠠᠮᠢᠰᠬᠤᠯ ᠤᠨ ᠬᠤᠪᠢᠷᠠᠯᠲᠠ᠂ ᠦᠺᠷᠠᠶᠢᠨ ᠤ ᠬᠢᠮᠤᠷᠠᠯ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠨᠡᠩ | ᠰᠠᠶᠢᠲᠤᠷ ᠠᠷᠭᠠᠴᠠᠭᠠᠵᠤ ᠳᠡᠶᠢᠯᠬᠦ ᠡᠰᠡᠬᠦ ᠶᠢ ᠲᠣᠭᠲᠠᠭᠠᠨ᠎ᠠ᠃ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ | ᠳᠤᠮᠳᠠᠳᠤ ᠤᠯᠤᠰ ᠯᠤᠭ᠎ᠠ ᠬᠠᠷᠢᠯᠴᠠᠨ ᠬᠦᠨᠳᠦᠳᠭᠡᠵᠦ᠂ ᠠᠳᠠᠯᠢ ᠲᠠᠯ᠎ᠠ ᠪᠠᠨ ᠡᠷᠢᠵᠦ ᠵᠥᠷᠶ᠊ ᠡᠶ᠎ᠡ ᠪᠠᠨ ᠦᠯᠡᠳᠡᠭᠡᠵᠦ᠂ | ᠢᠲᠡᠭᠡᠯᠴᠡᠭᠡ ᠪᠠᠨ ᠨᠡᠮᠡᠭᠳᠡᠭᠦᠯᠵᠦ᠂ ᠠᠳᠡᠭᠦᠦ ᠣᠶᠢᠯᠠᠭᠠᠯᠲᠠ ᠭᠠᠷᠬᠤ ᠠᠴᠠ ᠵᠠᠶᠢᠯᠠᠰᠭᠢᠵᠦ᠂ ᠤᠯᠠᠨ ᠤᠯᠤᠰ ᠤᠨ ᠬᠠᠤᠯᠢ ᠳᠤ | ᠰᠠᠭᠤᠷᠢᠯᠠᠭᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ | ᠲᠦᠪᠰᠢᠨ ᠪᠣᠯᠤᠨ ᠬᠥᠭᠵᠢᠯ ᠴᠡᠴᠡᠭᠯᠡᠯ ᠢ ᠠᠬᠢᠭᠤᠯᠬᠤ ᠶᠢ ᠬᠦᠰᠡᠵᠦ ᠪᠠᠶᠢᠨ᠎ᠠ᠃ ᠧᠦ᠋ᠷᠣᠫᠠ ᠶᠢᠨ ᠬᠢᠨ ᠳᠤᠮᠳᠠᠳᠤ ᠶᠢᠨ | ᠲᠠᠯ᠎ᠠ ᠶᠢᠨ ᠪᠣᠬᠢᠷᠲᠤᠯ ᠦᠭᠡᠢ ᠬᠥᠭᠵᠢᠯᠲᠡ ᠶᠢᠨ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠪᠠ ᠣᠯᠤᠭᠰᠠᠨ ᠠᠮᠵᠢᠯᠲᠠ | ᠪᠦᠲᠦᠮᠵᠢ ᠶᠢ ᠮᠠᠭᠲᠠᠨ ᠰᠠᠶᠢᠰᠢᠶᠠᠵᠤ᠂ ᠳᠤᠮᠳᠠᠳᠤ ᠶᠢᠨ ᠲᠠᠯ᠎ᠠ ᠶᠢᠨ ᠲᠤᠰ ᠪᠡᠶ᠎ᠡ ᠶᠢᠨ ᠬᠥᠭᠵᠢᠯᠲᠡ ᠪᠠᠨ ᠬᠠᠮᠠᠭᠠᠯᠠᠬᠤ | ᠲᠠᠯ᠎ᠠ ᠪᠠᠷ ᠬᠢ ᠵᠦᠢ ᠶᠣᠰᠣᠨ ᠤ ᠡᠷᠬᠡ ᠠᠰᠢᠭ ᠢ ᠮᠡᠳᠡᠷᠡᠵᠦ᠂ ᠳᠤᠮᠳᠠᠳᠤ ᠤᠮᠤᠰ ᠯᠤᠭ᠎ᠠ ᠦᠷᠭᠦᠯᠵᠢᠯᠡᠨ ᠦᠨᠡᠨᠴᠢ ᠪᠠᠷ | ᠶᠠᠷᠢᠯᠴᠠᠵᠤ᠂ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠬᠡᠵᠤ ᠢᠯᠡᠳᠬᠡᠪᠡ᠃ | ᠦᠺᠷᠠᠶᠢᠨ ᠤ ᠬᠢᠮᠤᠷᠠᠯ ᠤᠨ ᠲᠤᠬᠠᠶ ᠰᠢ ᠶᠢᠨ ᠫᠢᠩ᠂ ᠳᠤᠮᠳᠠᠳᠤ ᠢᠢᠨ ᠲᠠᠯ᠎ᠠ᠂ ᠹᠷᠠᠨᠼᠢ ᠢᠢᠨ ᠲᠠᠯ᠎ᠠ ᠪᠣᠯᠤᠨ | ᠧᠦ᠋ᠷᠣᠫᠠ ᠶᠢᠨ ᠲᠠᠯ᠎ᠠ ᠶᠢᠨ ᠬᠢᠨ ᠴᠥᠮ ᠠᠯᠢ ᠲᠦᠷᠭᠡᠨ ᠢᠶᠠᠷ ᠲᠤᠯᠤᠯᠳᠤᠬᠤ ᠪᠠᠨ ᠪᠤᠯᠢᠵᠤ ᠳᠠᠶᠢᠨ ᠵᠣᠭᠰᠣᠬᠤ ᠶᠢ ᠬᠦᠰᠡᠵᠦ | ᠪᠠᠶᠢᠨ᠎ᠠ᠂ ᠧᠦ᠋ᠷᠣᠫᠠ ᠲᠢᠪ ᠤᠨ ᠡᠩᠬᠡ ᠲᠠᠶᠢᠪᠤᠩ ᠢ ᠰᠡᠷᠭᠦᠭᠡᠵᠦ᠂ ᠦᠺᠷᠠᠶᠢᠨ ᠤ ᠬᠢᠮᠤᠷᠠᠯ ᠢ ᠤᠯᠤᠰ ᠲᠥᠷᠥ ᠪᠠᠷ | ᠰᠢᠢᠳᠪᠦᠷᠢᠯᠡᠬᠦ ᠶᠢ ᠳᠡᠮᠵᠢᠵᠦ ᠪᠠᠶᠢᠨ᠎ᠠ᠃ ᠪᠢᠳᠡ ᠲᠠᠶᠢᠨ ᠤ ᠲᠡᠰ ᠳᠡᠪᠰᠢᠬᠦ ᠶᠢ ᠬᠠᠮᠲᠤ ᠪᠠᠷ ᠡᠰᠡᠷᠭᠦᠴᠡᠵᠦ᠂ ᠨᠠᠶᠢᠷᠠᠮᠳᠠᠯ ᠢᠶᠠᠷ | ᠬᠡᠯᠡᠯᠴᠡᠭᠡ ᠬᠢᠬᠦ ᠳᠤ ᠬᠠᠮᠲᠤ ᠪᠠᠷ ᠨᠥᠬᠦᠴᠡᠯ ᠪᠦᠷᠢᠯᠳᠦᠭᠦᠯᠵᠦ᠂ ᠤᠯᠠᠨ ᠤᠯᠤᠰ ᠤᠨ ᠡᠨᠧᠷᠭᠢ ᠠᠮᠤ ᠪᠤᠳᠠᠭᠠᠨ ᠤ ᠠᠮᠤᠷ | ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠢ ᠬᠠᠮᠲᠤ ᠪᠠᠷ | ᠬᠠᠮᠠᠭᠠᠯᠠᠬᠤ ᠬᠡᠷᠡᠭᠳᠡᠢ᠃ ᠳᠤᠮᠳᠠᠳᠤ ᠶᠢᠨ ᠲᠠᠯ᠎ᠠ ᠪᠣᠯ ᠦᠺᠷᠠᠶᠢᠨ ᠤ ᠬᠢᠮᠤᠷᠠᠯ ᠢ ᠡᠭᠦᠰᠭᠡᠭᠴᠢ ᠪᠢᠰᠢ᠂ ᠲᠤᠬᠠᠶ ᠶᠢᠨ ᠲᠠᠯ᠎ᠠ | ᠪᠢᠰᠢ᠂ ᠲᠡᠳᠡᠨ ᠢ ᠢᠳᠬᠠᠨ ᠡᠪᠰᠡᠭᠦᠯᠬᠦ ᠶᠢᠨ ᠲᠥᠯᠥᠭᠡ ᠵᠢᠳᠬᠦᠵᠦ᠂ ᠬᠡᠯᠡᠯᠴᠡᠭᠡ ᠬᠢᠬᠦ ᠶᠢ ᠠᠬᠢᠭᠤᠯᠬᠤ ᠶᠢᠨ ᠲᠥᠯᠥᠭᠡ | ᠴᠢᠳᠠᠯ ᠢᠶᠠᠷ ᠢᠶᠠᠨ ᠴᠢᠷᠮᠠᠶᠢᠭᠰᠠᠭᠠᠷ ᠢᠷᠡᠭᠰᠡᠨ ᠶᠤᠮ᠃ ᠳᠤᠮᠳᠠᠳᠤ ᠶᠢᠨ ᠲᠠᠯ᠎ᠠ ᠶᠢᠨ ᠪᠤᠰᠤᠳᠴᠢ ᠲᠥᠪ ᠭᠤᠣᠯᠴᠢ | ᠵᠣᠭᠰᠣᠯᠲᠠ ᠪᠠ ᠪᠦᠲᠦᠭᠡᠯᠴᠢ ᠴᠢᠨᠠᠷᠲᠠᠢ ᠦᠢᠯᠡᠳᠦᠯ ᠨᠢ ᠳᠡᠯᠡᠬᠡᠢ ᠨᠡᠶᠢᠭᠡᠮ ᠳᠤ ᠥᠷᠭᠡᠨ ᠢᠶᠠᠷ ᠮᠡᠳᠡᠷᠡᠭᠳᠡᠪᠡ᠃ ᠳᠤᠮᠳᠠᠳᠤ | ᠢᠢᠨ ᠲᠠᠯ᠎ᠠ ᠳᠤᠷᠠᠲᠠᠶ᠎ᠠ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ᠦᠷᠭᠦᠯᠵᠢᠯᠡᠨ ᠤᠯᠤᠯᠴᠠᠭ᠎ᠠ ᠪᠠᠨ ᠪᠠᠲᠤᠯᠠᠨ᠎ᠠ | ᠭᠡᠵᠦ ᠵᠢᠭᠠᠵᠤ ᠭᠠᠷᠭᠠᠪᠠ᠃ | ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠲᠤᠬᠠᠢ ᠰᠢ ᠶᠢᠨ ᠫᠢᠩ᠂ ᠣᠳᠣᠬᠠᠨ ᠤ ᠲᠤᠯᠭᠠᠮ ᠡᠭᠦᠷᠭᠡ ᠪᠣᠯ | ᠲᠤᠯᠤᠯᠳᠤᠬᠤ ᠪᠠᠨ ᠪᠤᠯᠢᠵᠤ ᠲᠠᠶᠢᠨ ᠵᠣᠭᠰᠣᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠮᠤᠭ ᠠᠴᠠ ᠴᠢᠬᠤᠯᠠ ᠨᠢ ᠬᠥᠮᠦᠯᠢᠭ | ᠦᠵᠡᠯ ᠤᠨ ᠠᠪᠤᠷᠠᠨ ᠲᠤᠰᠠᠯᠠᠯᠲᠠ ᠶᠢ ᠪᠠᠲᠤᠯᠠᠬᠤ ᠶᠠᠪᠤᠳᠠᠯ ᠪᠣᠯᠤᠨ᠎ᠠ᠂ ᠦᠨᠳᠦᠰᠦᠨ ᠭᠠᠷᠬᠤ ᠵᠠᠮ ᠪᠣᠯ ︽ᠬᠤᠶᠠᠷ | ᠤᠯᠤᠰ ᠤᠨ ᠲᠥᠰᠦᠯ︾ ᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠫᠠᠯᠤᠰᠲ᠋ᠠᠶᠢᠨ ᠤ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠵᠢᠩᠬᠢᠨᠢ ᠭᠡᠰᠢᠭᠦᠨ ᠤᠯᠤᠰ ᠪᠣᠯᠬᠤ ᠶᠢ ᠬᠦᠯᠢᠶᠡᠨ ᠠᠪᠬᠤ ᠶᠢ ᠳᠤᠮᠳᠠᠳᠤ ᠶᠢᠨ ᠲᠠᠯ᠎ᠠ ᠳᠡᠮᠵᠢᠨ᠎ᠠ᠃ | ᠫᠠᠯᠤᠰᠲ᠋ᠠᠶᠢᠨ ᠢᠰᠷᠧᠯ ᠤᠨ ᠠᠰᠠᠭᠤᠳᠠᠯ ᠳᠡᠭᠡᠷ᠎ᠡ ᠳᠤᠮᠳᠠᠳᠤ ᠧᠦ᠋ᠷᠣᠫᠠ ᠮᠠᠰᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ | ᠃ ᠳᠤᠮᠳᠠᠳᠤ ᠶᠢᠨ ᠲᠠᠯ᠎ᠠ ᠳᠤᠷᠠᠲᠠᠶ᠎ᠠ ᠧᠦ᠋ᠷᠣᠫᠠ ᠶᠢᠨ ᠲᠠᠯ᠎ᠠ ᠬᠢᠨ ᠲᠠᠢ ᠬᠠᠮᠲᠤ ᠪᠠᠷ᠂ ᠨᠠᠩ ᠶᠡᠭᠡ ᠬᠡᠪᠴᠢᠶᠡᠨ ᠤ᠂ ᠨᠠᠩ | ᠡᠷᠬᠡ ᠰᠦᠷᠳᠤ᠂ ᠨᠠᠩ ᠪᠣᠳᠠᠲᠤ ᠦᠷ᠎ᠡ ᠪᠦᠲᠦᠮᠵᠢᠲᠡᠶ ᠣᠯᠠᠨ ᠤᠯᠤᠰ ᠤᠨ ᠡᠩᠬᠡ ᠲᠠᠶᠢᠪᠤᠩ ᠤᠨ ᠬᠤᠷᠠᠯ ᠢ ᠡᠷᠲᠡᠬᠡᠨ | ᠬᠤᠷᠠᠯᠳᠤᠭᠤᠯᠬᠤ ᠶᠢ ᠳᠡᠮᠵᠢᠵᠦ᠂ ︽ᠬᠤᠶᠠᠷ ᠤᠯᠤᠰ ᠤᠨ ᠲᠥᠰᠦᠯ︾ ᠢ ᠨᠠᠶᠢᠳᠠᠪᠤᠷᠢᠵᠢᠭᠤᠯᠬᠤ ᠪᠣᠳᠠᠲᠠᠶ ᠴᠠᠭ ᠤᠨ | ᠬᠦᠰᠦᠨᠦᠭᠲᠦ ᠪᠣᠯᠤᠨ ᠵᠠᠮ ᠤᠨ ᠵᠢᠷᠤᠭ ᠢ ᠲᠣᠭᠲᠠᠭᠠᠵᠤ᠂ ᠫᠠᠯᠧᠰᠲ᠋ᠠᠶᠢᠨ ᠤ ᠠᠰᠠᠭᠤᠳᠠᠯ ᠢ ᠡᠷᠲᠡᠬᠡᠨ ᠪᠥᠬᠦ ᠲᠠᠯ᠎ᠠ ᠪᠠᠷ᠂ | ᠲᠥᠪ ᠭᠤᠤᠯᠴᠢ᠂ ᠤᠳᠠᠭᠠᠨ ᠳᠠᠭᠠᠭᠠᠮᠠᠭᠠᠶ ᠪᠠᠷ ᠰᠢᠢᠳᠪᠦᠷᠢᠯᠡᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ |