ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 6 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠫᠠᠷᠢᠰ ᠲᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠠᠮᠲᠤ ᠳᠤᠮᠳᠠᠳᠤ ᠹᠷᠠᠨᠼᠢ ᠶᠢᠨ ᠠᠵᠤ | ᠠᠬᠤᠶᠢᠯᠠᠯᠲᠠᠳ ᠤᠨ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠲᠡᠭᠦᠰᠭᠦ ᠶᠣᠰᠣᠯᠠᠯ ᠳᠤ ᠣᠷᠣᠯᠴᠠᠭᠰᠠᠨ | ᠪᠥᠭᠡᠳ ︽ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠨ ᠳᠤᠮᠳᠠᠳᠤ ᠹᠷᠠᠨᠼᠢ ᠶᠢᠨ | ᠬᠠᠮᠲᠤᠷᠠᠯᠴᠠᠭᠠᠨ ᠤ ᠰᠢᠨ᠎ᠡ ᠴᠠᠭ ᠦᠶ᠎ᠡ ᠶᠢ ᠨᠡᠬᠡᠬᠡᠶᠠ︾ ᠭᠡᠬᠦ ᠰᠡᠳᠦᠪ ᠢᠶᠠᠷ ᠴᠢᠬᠤᠯᠠ ᠪᠠᠶᠠᠷ ᠤᠨ ᠦᠭᠡ ᠬᠡᠯᠡᠪᠡ᠃ ᠬᠤᠶᠠᠷ | ᠤᠯᠤᠰ ᠤᠨ ᠲᠡᠷᠢᠭᠦᠨ ᠳᠤᠮᠳᠠᠳᠤ ᠹᠷᠠᠨᠼᠢ ᠶᠢᠨ ᠠᠵᠤ ᠠᠬᠤᠶᠢᠯᠠᠯᠲᠠᠳ ᠤᠨ ᠲᠥᠯᠥᠭᠡᠯᠡᠭᠴᠢᠳ ᠲᠠᠢ ᠬᠠᠮᠲᠤ ᠬᠡᠷᠡᠯ ᠵᠢᠷᠤᠭ | ᠲᠠᠲᠠᠭᠤᠯᠤᠭᠰᠠᠨ ᠤ ᠳᠠᠷᠠᠭ᠎ᠠ ᠬᠠᠮᠲᠤ ᠪᠠᠷ ᠲᠢᠶᠠᠲᠷ ᠤᠨ ᠶᠣᠰᠣᠯᠠᠯ ᠤᠨ ᠲᠠᠩᠬᠢᠮ ᠳᠤ ᠣᠷᠣᠪᠠ᠃ | ᠬᠠᠯᠠᠭᠤᠨ ᠠᠯᠠᠭ᠎ᠠ ᠳᠠᠰᠢᠯᠳᠠ ᠶᠢᠨ ᠳᠤᠮᠳᠠ᠂ ᠰᠢ ᠶᠢᠨ ᠫᠢᠩ ᠪᠠᠶᠠᠷ ᠤᠨ ᠦᠬᠡ ᠬᠡᠯᠡᠪᠡ᠃ | | | ᠰᠢ ᠶᠢᠨ ᠫᠢᠩ᠂ ᠡᠨᠡ ᠵᠢᠯ ᠪᠣᠯ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠤᠨ᠎ᠠ᠃ | 60 ᠵᠢᠯ ᠨᠢ ᠳᠤᠮᠳᠠᠳᠤ ᠤᠯᠤᠰ ᠤᠨ ᠤᠯᠠᠮᠵᠢᠯᠠᠯᠲᠤ ᠵᠢᠷᠤᠬᠠᠶ ᠳᠠᠬᠢ ᠨᠢᠭᠡ ᠵᠢᠷᠠᠨ ᠤ ᠡᠷᠭᠢᠯᠲᠡ ᠪᠠᠶᠢᠵᠥ᠂ ᠤᠷᠢᠳᠤᠬᠢ ᠶᠢ | ᠵᠠᠯᠭᠠᠮᠵᠢᠯᠠᠨ ᠬᠤᠶᠢᠨᠠᠬᠢ ᠶᠢ ᠰᠡᠩᠬᠡᠷᠡᠭᠦᠯᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠶᠢ ᠪᠡᠯᠭᠡᠳᠡᠵᠤ | ᠪᠠᠶᠢᠳᠠᠭ᠃ 60 ᠵᠢᠯ ᠤᠨ ᠲᠤᠷᠰᠢ᠂ ᠳᠤᠮᠳᠠᠳᠤ ᠹᠷᠠᠨᠼᠢ ᠪᠣᠯ ᠦᠨᠡᠨᠴᠢ ᠨᠠᠶᠢᠵᠠ ᠪᠤᠯᠤᠯᠴᠠᠬᠰᠠᠭᠠᠷ ᠢᠷᠡᠵᠡᠢ᠃ ᠬᠤᠶᠠᠷ | ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠠᠷᠢᠯᠴᠠᠨ ᠣᠶᠢᠯᠠᠭᠠᠯᠴᠠᠬᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ | ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠷᠢᠯᠴᠠᠭ᠎ᠠ ᠪᠠᠶᠢᠭᠤᠯᠤᠬᠰᠠᠨ ᠵᠣᠷᠢᠭ ᠰᠠᠨᠠᠭ᠎ᠠ ᠶᠢ ᠪᠠᠷᠢᠮᠲᠠᠯᠠᠵᠤ᠂ | ᠠᠳᠠᠯᠢ ᠪᠤᠰᠤ ᠪᠣᠯᠪᠠᠰᠤᠨ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠬᠥᠭᠵᠢᠯᠲᠡ ᠶᠢᠨ ᠲᠦᠪᠰᠢᠨ ᠪᠦᠬᠦᠢ ᠤᠯᠤᠰ ᠤᠨ | ᠬᠠᠷᠢᠯᠴᠠᠨ ᠠᠮᠵᠢᠯᠲᠠ ᠤᠯᠬᠤ᠂ ᠬᠠᠮᠲᠤ ᠪᠠᠷ ᠤᠷᠤᠭᠰᠢᠯᠠᠬᠤ ᠶᠢᠨ ᠬᠡᠪ ᠳᠠᠭᠤᠷᠢᠶᠠᠯ ᠪᠣᠯᠵᠠᠢ᠃ 60 ᠵᠢᠯ ᠤᠨ ᠲᠤᠷᠰᠢ᠂ | ᠳᠤᠮᠳᠠᠳᠤ ᠹᠷᠠᠨᠼᠢ ᠬᠠᠮᠲᠤ ᠪᠠᠷ ᠠᠰᠢᠭ ᠬᠦᠷᠳᠡᠬᠦ ᠬᠠᠨᠢᠲᠠᠨ ᠪᠤᠯᠤᠭᠰᠠᠭᠠᠷ ᠢᠷᠡᠵᠡᠢ᠃ | ᠳᠤᠮᠳᠠᠳᠤ ᠤᠯᠤᠰ ᠨᠢᠭᠡᠨᠲᠡ ᠹᠷᠠᠨᠼᠢ ᠶᠢᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠠᠴᠠ ᠭᠠᠳᠠᠨᠠᠬᠢ | ᠬᠠᠮᠤᠭ ᠤᠨ ᠲᠤᠮᠤ ᠠᠷᠠᠯᠵᠢᠶᠠᠨ ᠤ ᠬᠠᠨᠢᠲᠠᠨ ᠪᠤᠯᠵᠤ᠂ ᠬᠤᠶᠠᠷ ᠤᠯᠤᠰ ᠤᠨ ᠠᠵᠤ ᠠᠬᠤᠢ ᠨᠢᠭᠡᠨᠲᠡ ᠬᠡᠨ ᠠᠯᠢᠨ ᠠᠴᠠ ᠪᠠᠨ | ᠰᠠᠯᠵᠤ ᠴᠢᠳᠠᠬᠤ ᠦᠭᠡᠢ ᠬᠦᠴᠦᠷᠬᠡᠭ ᠶᠡᠭᠡ ᠬᠠᠮᠲᠤ ᠤᠷᠤᠰᠢᠬᠤ ᠬᠠᠷᠢᠴᠠᠭ᠎ᠠ ᠶᠢ ᠪᠦᠷᠢᠯᠳᠦᠬᠦᠯᠪᠠ ᠬᠡᠵᠥ ᠵᠢᠭᠠᠵᠥ ᠭᠠᠷᠭᠠᠵᠠᠢ | ᠃ | ᠰᠢ ᠶᠢᠨ ᠫᠢᠩ᠂ ᠳᠤᠮᠳᠠᠳᠤ ᠤᠯᠤᠰ ᠪᠤᠯ ᠳᠣᠷᠣᠨᠠᠳᠠᠬᠢᠨ ᠤ ᠪᠣᠯᠪᠠᠰᠤᠨ ᠤ ᠴᠢᠬᠤᠯᠠ ᠲᠥᠯᠥᠭᠡᠯᠡᠭᠴᠢ᠂ ᠹᠷᠠᠨᠼᠢ ᠪᠤᠯ | ᠥᠷᠥᠨᠡᠳᠠᠬᠢᠨ ᠤ ᠪᠣᠯᠪᠠᠰᠤᠨ ᠤ ᠴᠢᠬᠤᠯᠠ ᠲᠥᠯᠥᠭᠡᠯᠡᠭᠴᠢ ᠪᠣᠯᠤᠨ᠎ᠠ᠃ ᠳᠤᠮᠳᠠᠳᠤ ᠹᠷᠠᠨᠼᠢ ᠬᠤᠶᠠᠷ ᠤᠯᠤᠰ ᠲᠤ ᠭᠠᠵᠠᠷ | ᠣᠷᠣᠨ ᠤ ᠤᠯᠤᠰ ᠲᠥᠷᠥ ᠶᠢᠨ ᠵᠥᠷᠢᠴᠡᠯ ᠦᠭᠡᠢ᠂ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠦᠭᠡᠢ᠂ ᠪᠡᠶ᠎ᠡ ᠪᠠᠨ | ᠳᠠᠭᠠᠭᠠᠵᠤ ᠡᠵᠡᠨ ᠮᠡᠳᠡᠬᠦ ᠵᠣᠷᠢᠭ ᠰᠠᠨᠠᠭᠠᠨ ᠤ ᠬᠠᠮᠲᠤ ᠶᠢᠨ ᠲᠠᠨᠢᠯᠲᠠ ᠲᠠᠢ ᠪᠠᠶᠢᠵᠤ᠂ ᠭᠡᠷᠡᠯ ᠰᠠᠴᠤᠷᠠᠩᠭᠤᠢ | ᠰᠣᠶᠣᠯ ᠢᠶᠠᠷ ᠢᠶᠠᠨ ᠬᠠᠷᠢᠯᠴᠠᠨ ᠪᠠᠭ᠋ᠠᠷᠬᠠᠵᠤ᠂ ᠨᠡᠩ ᠴᠤ ᠥᠷᠭᠡᠨ ᠳᠡᠯᠭᠡᠷ ᠠᠰᠢᠭ ᠲᠤᠰᠠ ᠪᠦᠬᠦᠢ ᠪᠣᠳᠠᠲᠤ ᠠᠵᠢᠯᠯᠠᠭ᠎ᠠ ᠶᠢ | ᠡᠷᠬᠢᠮᠯᠡᠬᠦ ᠬᠠᠮᠲᠤᠷᠠᠯᠴᠠᠭ᠎ᠠ ᠪᠣᠢ᠂ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠰᠠᠶᠢᠲᠤᠷ ᠬᠥᠭᠵᠢᠭᠦᠯᠬᠦ ᠦᠭᠡᠢ ᠪᠠᠶᠢᠬᠤ ᠤᠴᠢᠷ | ᠰᠢᠯᠲᠠᠭᠠᠨ ᠥᠬᠡᠢ ᠶᠦᠮ᠃ ᠬᠥᠮᠦᠨ ᠲᠥᠷᠥᠯᠬᠢᠲᠡᠨ ᠤ ᠬᠥᠭᠵᠢᠯᠲᠡ ᠶᠢᠨ ᠰᠢᠨ᠎ᠡ ᠲᠤᠨᠤᠯᠵᠢᠨ ᠵᠠᠮ ᠤᠨ ᠠᠭᠤᠯᠵᠠᠷ ᠲᠤ | ᠵᠣᠭᠰᠣᠵᠤ᠂ ᠳᠡᠯᠡᠬᠡᠢ ᠶᠢᠨ ᠵᠠᠭᠤᠨ ᠵᠢᠯ ᠳᠤ ᠲᠤᠬᠢᠶᠠᠯᠳᠤᠭ᠎ᠠ ᠦᠭᠡᠢ ᠬᠤᠪᠢᠰᠤᠯᠳᠠ ᠶᠢᠨ ᠠᠵᠠ ᠲᠤᠬᠢᠶᠠᠯ ᠤᠨ ᠡᠮᠤᠨ᠎ᠠ᠂ | ᠳᠤᠮᠳᠠᠳᠤ ᠤᠯᠤᠰ ᠲᠤᠷᠠᠳᠠᠶ᠎ᠠ ᠹᠷᠠᠨᠼᠢ ᠯᠤᠭ᠎ᠠ ᠪᠥᠬᠦ ᠲᠠᠯ᠎ᠠ ᠶᠢᠨ ᠰᠣᠯᠢᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠂ | ᠳᠤᠮᠳᠠᠳᠤ ᠹᠷᠠᠨᠼᠢ ᠶᠢᠨ ᠬᠠᠷᠢᠯᠴᠠᠭ᠎ᠠ ᠶᠢ ᠨᠡᠩ ᠥᠨᠳᠥᠷ ᠲᠦᠪᠰᠢᠨ ᠳᠤ ᠠᠬᠢᠭᠤᠯᠵᠤ᠂ ᠨᠡᠩ ᠶᠡᠭᠡ ᠠᠮᠵᠢᠯᠲᠠ ᠣᠯᠬᠤ ᠶᠢ | ᠠᠬᠢᠭᠤᠯᠤᠨ᠎ᠠ᠃ | — ᠢᠷᠡᠭᠡᠳᠦᠢ ᠳᠤ ᠬᠠᠨᠳᠤᠨ᠂ ᠪᠢᠳᠡ ᠲᠤᠷᠠᠳᠠᠶ᠎ᠠ ᠹᠷᠠᠨᠼᠢ ᠶᠢᠨ ᠬᠢᠨ ᠲᠠᠢ ᠬᠠᠮᠲᠤ ᠪᠠᠷ ᠳᠤᠮᠳᠠᠳᠤ ᠹᠷᠠᠨᠼᠢ ᠶᠢᠨ | ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭᠠᠨ ᠤ ᠠᠵᠤ ᠠᠬᠤᠢ ᠠᠷᠠᠯᠵᠢᠶᠠᠨ ᠤ | ᠠᠭᠤᠯᠤᠭᠳᠠᠬᠤᠨ ᠢ ᠲᠡᠭᠦᠯᠳᠡᠷᠵᠢᠭᠦᠯᠤᠨ᠎ᠠ᠃ ᠳᠤᠮᠳᠠᠳᠤ ᠤᠯᠤᠰ ᠢᠮᠠᠬᠳᠠ ᠹᠷᠠᠨᠼᠢ ᠶᠢ ᠤᠷᠢᠳ ᠢᠶᠠᠷ ᠪᠤᠳᠤᠯᠬᠢᠯᠠᠬᠤ | ᠪᠦᠭᠡᠳ ᠨᠠᠶᠢᠳᠠᠪᠤᠷᠢᠲᠠᠢ ᠬᠠᠮᠲᠤ ᠶᠢᠨ ᠠᠵᠢᠯᠯᠠᠭᠠᠨ ᠤ ᠬᠠᠨᠢᠲᠠᠨ ᠪᠤᠯᠭᠠᠵᠤ᠂ ᠬᠤᠶᠠᠷ ᠲᠠᠯ᠎ᠠ ᠶᠢᠨ ᠠᠵᠤ ᠠᠬᠤᠢ | ᠠᠷᠠᠯᠵᠢᠶᠠᠨ ᠤ ᠬᠠᠷᠢᠯᠴᠠᠭᠠᠨ ᠤ ᠥᠷᠭᠡᠴᠡ ᠪᠣᠯᠤᠨ ᠭᠦᠨᠴᠡ ᠶᠢ ᠥᠷᠭᠡᠳᠭᠡᠵᠦ᠂ ᠰᠢᠨ᠎ᠡ ᠬᠦᠷᠢᠶ᠎ᠡ ᠶᠢ ᠨᠡᠭᠡᠭᠡᠨ᠂ ᠰᠢᠨ᠎ᠡ | ᠬᠡᠪ ᠵᠠᠭᠪᠤᠷ ᠢ ᠡᠭᠦᠳᠦᠨ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠪᠠᠷ ᠴᠢᠷᠮᠠᠶᠢᠨ᠎ᠠ᠃ ᠳᠤᠮᠳᠠᠳᠤ ᠤᠮᠤᠰ ᠲᠤᠷᠠᠳᠠᠶ᠎ᠠ | ︽ᠹᠷᠠᠨᠼᠢ ᠶᠢᠨ ᠲᠠᠷᠢᠶᠠᠯᠠᠩ ᠤᠨ ᠲᠠᠯᠠᠪᠠᠢ ᠠᠴᠠ ᠳᠤᠮᠳᠠᠳᠤ ᠤᠯᠤᠰ ᠤᠨ ᠬᠤᠭᠤᠯᠠᠨ ᠰᠢᠷᠡᠭᠡ ᠬᠦᠷᠲᠡᠯ᠎ᠡ︾ ᠪᠦᠬᠦ | ᠬᠡᠯᠬᠢᠶᠡᠲᠦ ᠲᠦᠷᠭᠡᠨ ᠬᠠᠮᠵᠢᠯᠴᠠᠭᠠᠨ ᠤ ᠲᠣᠭᠲᠠᠴᠠ ᠶᠢ ᠦᠷᠭᠦᠯᠵᠢᠯᠡᠨ ᠢᠳᠡᠪᠬᠢᠲᠡᠢ ᠠᠰᠢᠭᠯᠠᠨ᠂ ᠪᠢᠰᠢᠯᠠᠭ᠂ ᠬᠢᠮ᠎ᠠ᠂ | ᠦᠵᠦᠮ ᠤᠨ ᠠᠷᠢᠬᠢ ᠵᠡᠷᠭᠡ ᠹᠷᠠᠨᠼᠢ ᠶᠢᠨ ᠨᠡᠩ ᠣᠯᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ | ᠤᠯᠤᠰ ᠤᠨ ᠠᠷᠠᠳ ᠤᠨ ᠬᠤᠭᠤᠯᠠᠨ ᠰᠢᠷᠡᠭᠡᠨ ᠳᠡᠭᠡᠷ᠎ᠡ ᠭᠠᠷᠭᠠᠨ᠎ᠠ᠃ ᠳᠤᠮᠳᠠᠳᠤ ᠤᠮᠤᠰ᠂ ᠹᠷᠠᠨᠼᠢ ᠵᠡᠷᠭᠡ 12 ᠤᠯᠤᠰ ᠤᠨ | ᠡᠷᠬᠡᠲᠦ ᠠᠷᠠᠳ ᠤᠨ ᠣᠬᠤᠷ ᠬᠤᠭᠤᠴᠠᠭᠠᠨ ᠳᠤ ᠳᠤᠮᠳᠠᠳᠤ ᠤᠯᠤᠰ ᠲᠤ ᠢᠷᠡᠬᠦ ᠦᠯᠤ ᠸᠢᠰᠠᠯᠠᠬᠤ ᠲᠥᠷᠥ ᠶᠢᠨ | ᠪᠣᠳᠣᠯᠭ᠎ᠠ ᠶᠢ 2025 ᠣᠨ ᠤ ᠵᠢᠯ ᠤᠨ ᠡᠴᠦᠰ ᠪᠣᠯᠲᠠᠯ᠎ᠠ ᠤᠷᠲᠤᠳᠬᠠᠬᠤ ᠪᠠᠷ ᠲᠣᠭᠲᠠᠪᠠ᠃ | ᠢᠷᠡᠭᠡᠳᠦᠢ ᠳᠤ ᠬᠠᠨᠳᠤᠨ᠂ ᠪᠢᠳᠡ ᠳᠤᠷᠠᠲᠠᠶ᠎ᠠ ᠹᠷᠠᠨᠼᠢ ᠶᠢᠨ ᠲᠠᠯ᠎ᠠ ᠯᠤᠭ᠎ᠠ ᠳᠤᠮᠳᠠᠳᠤ ᠧᠦ᠋ᠷᠣᠫᠠ ᠶᠢᠨ ᠬᠠᠷᠢᠯᠴᠠᠨ | ᠠᠰᠢᠭᠲᠠᠢ ᠬᠠᠮᠲᠤᠷᠠᠯᠴᠠᠭ᠎ᠠ ᠶᠢ ᠬᠠᠮᠲᠤ ᠪᠠᠷ ᠠᠬᠢᠭᠤᠯᠤᠨ᠎ᠠ᠃ ᠳᠤᠮᠳᠠᠳᠤ ᠧᠦ᠋ᠷᠣᠫᠠ ᠪᠣᠯ ᠤᠯᠠᠨ ᠲᠦᠢᠯᠰᠢᠷᠠᠬᠤ ᠶᠢ | ᠠᠬᠢᠭᠤᠯᠬᠤ ᠬᠤᠶᠠᠷ ᠶᠡᠭᠡ ᠬᠦᠴᠦᠨ᠂ ᠳᠡᠯᠡᠬᠡᠶᠢᠵᠢᠯᠲᠡ ᠶᠢᠨ ᠬᠤᠶᠠᠷ ᠶᠡᠭᠡ ᠵᠠᠬ᠎ᠠ ᠳᠡᠯᠭᠡᠭᠦᠷ ᠢ ᠲᠡᠮᠵᠢᠬᠦ᠂ ᠤᠯᠠᠨ | ᠶᠠᠩᠵᠤᠲᠤ ᠴᠢᠨᠠᠷ ᠢ ᠰᠠᠨᠠᠭᠠᠴᠢᠯᠠᠬᠤ ᠬᠤᠶᠠᠷ ᠶᠡᠭᠡ ᠪᠣᠯᠪᠠᠰᠤᠨ ᠮᠦᠨ᠃ ᠬᠤᠶᠠᠷ ᠲᠠᠯ᠎ᠠ ᠪᠠᠷ ᠢᠶᠠᠨ ᠪᠦᠬᠦ ᠲᠠᠯ᠎ᠠ ᠶᠢᠨ | ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠵᠥᠪ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠤᠰ | ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠴᠢᠩᠭᠠᠳᠬᠠᠵᠤ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ | ᠲᠦᠷᠦᠴᠢᠯᠡᠬᠦ᠂ ᠦᠵᠡᠯ ᠤᠬᠠᠮᠰᠠᠷ ᠤᠨ ᠬᠡᠯᠪᠡᠷᠢᠴᠢᠯᠡᠬᠦ᠂ ᠨᠠᠷᠮᠠᠢ ᠠᠮᠤᠷ ᠲᠦᠪᠰᠢᠨ ᠪᠣᠯᠭᠠᠬᠤ ᠶᠢ ᠬᠠᠮᠲᠤ ᠪᠠᠷ ᠡᠰᠡᠷᠭᠦᠴᠡᠬᠦ | ᠬᠡᠷᠡᠭᠳᠡᠢ᠃ ᠧᠦ᠋ᠷᠣᠫᠠ ᠶᠢᠨ ᠲᠠᠯ᠎ᠠ ᠳᠤᠮᠳᠠᠳᠤ ᠤᠯᠤᠰ ᠯᠤᠭ᠎ᠠ ᠦᠭᠡᠳᠡ ᠦᠭᠡᠳᠡ ᠠᠴᠠ ᠪᠠᠨ ᠤᠷᠤᠭᠰᠢᠯᠠᠵᠤ᠂ | ᠶᠠᠷᠢᠯᠴᠠᠭ᠎ᠠ ᠪᠠᠷ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠷ ᠵᠥᠷᠢᠯᠳᠦᠭᠡᠨ ᠢᠶᠠᠨ ᠰᠢᠢᠳᠪᠦᠷᠢᠯᠡᠵᠦ᠂ | ᠢᠲᠡᠭᠡᠯᠴᠡᠭᠡ ᠪᠠᠷ ᠠᠶᠤᠯ ᠲᠦᠭᠰᠢᠭᠦᠷᠢ ᠶᠢ ᠠᠷᠢᠯᠭᠠᠵᠤ᠂ ᠳᠤᠮᠳᠠᠳᠤ ᠧᠦ᠋ᠷᠣᠫᠠ ᠶᠢ ᠲᠤᠰ ᠲᠤᠰ ᠤᠨ ᠢᠶᠠᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭᠠᠨ ᠤ ᠵᠠᠩᠭᠢᠯᠠᠭ᠎ᠠ ᠶᠢᠨ ᠬᠠᠨᠢᠲᠠᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠠᠮᠲᠤᠷᠠᠯᠴᠠᠭᠠᠨ ᠤ ᠤᠷᠢᠳ ᠢᠶᠠᠷ ᠪᠣᠳᠣᠯᠬᠢᠯᠠᠬᠤ ᠬᠠᠨᠢᠲᠠᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭᠠᠨ ᠤ ᠢᠲᠡᠭᠡᠮᠵᠢᠲᠡᠢ ᠬᠠᠨᠢᠲᠠᠨ ᠪᠣᠯᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ | ᠴᠠᠬᠢᠯᠭᠠᠨ ᠬᠤᠯᠪᠣᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠪᠠᠨ ᠥᠷᠭᠡᠳᠭᠡᠵᠦ᠂ | ᠵᠠᠬ᠎ᠠ ᠳᠡᠯᠭᠡᠭᠦᠷ ᠢᠶᠠᠨ ᠴᠢᠨᠠᠭᠰᠢᠳᠠ ᠨᠡᠭᠡᠭᠡᠵᠦ᠂ ᠹᠷᠠᠨᠼᠢ ᠪᠣᠯᠤᠨ ᠧᠦ᠋ᠷᠣᠫᠠ ᠲᠢᠪ ᠤᠨ ᠠᠵᠤ ᠠᠬᠤᠶᠢᠯᠠᠯ ᠢ ᠪᠠᠭᠲᠠᠭᠠᠭᠰᠠᠨ | ᠡᠯ᠎ᠡ ᠤᠯᠤᠰ ᠤᠨ ᠠᠵᠤ ᠠᠬᠤᠶᠢᠯᠠᠯ ᠳᠤ ᠨᠡᠩ ᠤᠯᠠᠨ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠭᠦᠳᠴᠦ ᠥᠭᠭᠦᠨ᠎ᠡ᠃ | ᠢᠷᠡᠭᠡᠳᠦᠢ ᠳᠤ ᠬᠠᠨᠳᠤᠨ᠂ ᠪᠢᠳᠡ ᠳᠤᠷᠠᠲᠠᠶ᠎ᠠ ᠹᠷᠠᠨᠼᠢ ᠶᠢᠨ ᠲᠠᠯ᠎ᠠ ᠯᠤᠭ᠎ᠠ ᠭᠠᠷ ᠬᠤᠯᠪᠣᠨ ᠪᠦᠬᠦ ᠪᠥᠮᠪᠥᠷᠴᠡᠭ ᠤᠨ | ᠴᠢᠨᠠᠷᠲᠠᠢ ᠥᠷᠢᠰᠥᠯᠳᠦᠭᠡᠨ ᠢ ᠠᠷᠭᠠᠴᠠᠭᠠᠨ᠎ᠠ᠃ ᠣᠳᠣᠬᠠᠨ ᠤ ᠳᠡᠯᠡᠬᠡᠢ ᠶᠢᠨ ᠡᠩᠬᠡ ᠲᠠᠶᠢᠪᠤᠩ ᠤᠨ ᠤᠯᠠᠭᠠᠨ ᠲᠤᠭ᠎ᠠ᠂ | ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ | ᠨᠡᠮᠡᠭᠳᠡᠭᠰᠡᠨ ᠠᠴᠠ ᠪᠢᠰᠢ ᠬᠠᠰᠤᠭᠳᠠᠭᠰᠠᠨ ᠦᠬᠡᠢ᠃ ᠳᠤᠮᠳᠠᠳᠤ ᠹᠷᠠᠨᠼᠢ ᠪᠣᠯ ᠴᠥᠮ ᠪᠡᠶ᠎ᠡ ᠪᠠᠨ ᠳᠠᠭᠠᠭᠠᠵᠤ ᠡᠵᠡᠨ ᠮᠡᠳᠡᠬᠦ | ᠲᠤᠮᠤ ᠤᠯᠤᠰ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ | ᠬᠡᠷᠡᠭ ᠡᠷᠬᠢᠯᠡᠭᠴᠢ ᠤᠯᠤᠰ ᠮᠥᠨ᠂ ᠬᠠᠷᠢᠭᠤᠴᠠᠯᠭ᠎ᠠ ᠪᠠ ᠡᠭᠦᠷᠭᠡ ᠪᠠᠨ ᠡᠭᠦᠷᠭᠡᠯᠡᠵᠦ᠂ ᠳᠤᠮᠳᠠᠳᠤ ᠹᠷᠠᠨᠼᠢ ᠶᠢᠨ | ᠬᠠᠷᠢᠯᠴᠠᠭᠠᠨ ᠤ ᠲᠣᠭᠲᠠᠪᠤᠷᠢᠲᠤ ᠴᠢᠨᠠᠷ ᠢᠶᠠᠷ ᠳᠡᠯᠡᠬᠡᠢ ᠶᠢᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠨ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠵᠣᠬᠢᠴᠠᠭᠤᠯᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠡᠷᠭᠡ ᠲᠡᠭᠰᠢ ᠡᠮᠬᠢ ᠵᠢᠷᠤᠮ ᠲᠠᠢ ᠲᠡᠯᠡᠭᠡᠢ ᠶᠢᠨ ᠤᠯᠠᠨ ᠲᠦᠢᠯᠵᠢᠯᠳᠠ ᠪᠤᠯᠤᠨ ᠲᠦᠭᠡᠮᠡᠯ ᠠᠰᠢᠭ | ᠬᠦᠷᠲᠡᠭᠡᠬᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ᠂ ᠳᠤᠮᠳᠠᠳᠤ ᠤᠯᠤᠰ ᠶᠠᠭ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠭᠦᠨ | ᠳᠠᠪᠬᠤᠷᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠬᠥᠭᠵᠢᠭᠦᠯᠵᠦ ᠪᠠᠶᠢᠨ᠎ᠠ᠃ ᠪᠢᠳᠡ ᠤᠳᠤ ᠶᠠᠭ ᠥᠭᠡᠷᠡᠴᠢᠯᠡᠯᠲᠡ ᠶᠢ | ᠴᠢᠨᠠᠬᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠶ᠊ ᠡᠶ᠎ᠡ ᠶᠢ ᠲᠥᠰᠦᠪᠯᠡᠨ ᠬᠡᠷᠡᠭᠵᠢᠭᠦᠯᠵᠦ᠂ | ᠲᠦᠷᠢᠮ ᠤᠨ ᠬᠡᠯᠪᠡᠷᠢ ᠶᠢᠨ ᠨᠡᠭᠡᠭᠡᠯᠳᠡ ᠶᠢ ᠯᠠᠪᠳᠠᠭᠤᠨ ᠢᠶᠠᠷ ᠥᠷᠭᠡᠳᠭᠡᠨ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠴᠢᠨᠠᠬᠰᠢᠳᠠ ᠥᠷᠭᠡᠳᠭᠡᠵᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠨᠠᠵᠠᠭᠠᠢ | ᠲᠠᠯ᠎ᠠ ᠶᠢᠨ ᠨᠠᠷᠢᠨ ᠲᠠᠩᠰᠠ ᠶᠢ ᠪᠠᠭᠠᠰᠬᠠᠵᠤ ᠪᠠᠶᠢᠨ᠎ᠠ᠂ ᠡᠨᠡ ᠨᠢ ᠹᠷᠠᠨᠼᠢ ᠶᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ | ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠢ ᠬᠠᠩᠭᠠᠵᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ | ᠨᠡᠩ ᠤᠯᠠᠨ ᠠᠵᠠ ᠲᠣᠬᠢᠶᠠᠯ ᠢ ᠠᠪᠴᠢᠷᠠᠬᠤ ᠪᠣᠯᠤᠨ᠎ᠠ᠃ ᠹᠷᠠᠨᠼᠢ ᠶᠢᠨ ᠠᠵᠤ ᠠᠬᠤᠶᠢᠯᠠᠯᠲᠠᠳ ᠤᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠤᠨ ᠬᠥᠭᠵᠢᠯᠲᠡ ᠶᠢᠨ | ᠠᠵᠠ ᠲᠣᠬᠢᠶᠠᠯ ᠢ ᠬᠠᠮᠲᠤ ᠪᠠᠷ ᠡᠳ᠋ᠯᠡᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠤ ᠴᠢᠬᠤᠯᠠᠴᠢᠯᠠᠪᠠ᠃ | ᠰᠢ ᠶᠢᠨ ᠫᠢᠩ᠂ ᠬᠤᠶᠠᠷ ᠰᠠᠷ᠎ᠠ ᠭᠠᠷᠤᠶ ᠶᠢᠨ ᠳᠠᠷᠠᠭ᠎ᠠ᠂ ᠹᠷᠠᠨᠼᠢ ᠦᠪᠡᠳᠡᠭᠰᠢ ᠶᠡᠭᠡ ᠫᠠᠷᠢᠰ ᠤᠨ ᠣᠯᠢᠮᠫᠢᠺ ᠤᠨ | ᠲᠠᠮᠢᠷ ᠤᠨ ᠴᠤᠭᠯᠠᠭᠠᠨ ᠢ ᠤᠬᠳᠤᠨ ᠠᠪᠴᠢᠷᠠᠬᠤ ᠪᠤᠯᠤᠨ᠎ᠠ᠃ ᠣᠯᠢᠮᠫᠢᠺ ᠤᠨ ᠲᠠᠮᠢᠷ ᠤᠨ ᠴᠤᠭᠯᠠᠭᠠᠨ ᠪᠣᠯ ᠪᠦᠯᠬᠦᠮᠳᠡᠯ ᠪᠠ | ᠨᠥᠬᠦᠷᠯᠡᠯ ᠤᠨ ᠪᠡᠯᠭᠡ ᠲᠡᠮᠳᠡᠭ ᠮᠥᠨ᠂ ᠪᠣᠯᠪᠠᠰᠤᠨ ᠢᠶᠠᠨ ᠬᠠᠷᠢᠯᠴᠠᠨ ᠲᠤᠯᠢᠳᠠᠬᠤ ᠶᠢᠨ ᠤᠬᠢ ᠪᠦᠲᠦᠭᠡᠯ ᠮᠥᠨ᠃ ᠪᠢᠳᠡ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠰᠠᠬᠢᠵᠤ᠂ ᠤᠯᠠᠮᠵᠢᠯᠠᠯᠲᠤ ᠨᠥᠬᠦᠷᠯᠡᠯ ᠢᠶᠠᠨ | ᠦᠷᠭᠦᠯᠵᠢᠯᠡᠭᠦᠯᠵᠦ᠂ ︽ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ᠂ ᠨᠡᠩ ᠪᠦᠯᠬᠦᠮᠳᠡᠯ ᠲᠠᠢ︾ ᠣᠯᠢᠮᠫᠢᠺ ᠤᠨ | ᠰᠡᠴᠡᠨ ᠦᠭᠡ ᠶᠢ ᠦᠢᠯᠡᠳᠦᠯᠭᠡᠵᠢᠭᠦᠯᠵᠦ᠂ ᠭᠠᠷ ᠬᠤᠯᠪᠣᠨ ᠳᠤᠮᠳᠠᠳᠤ ᠹᠷᠠᠨᠼᠢ ᠶᠢᠨ ᠬᠠᠮᠲᠤᠷᠠᠯᠴᠠᠭᠠᠨ ᠤ ᠰᠢᠨ᠎ᠡ ᠴᠠᠭ | ᠦᠶ᠎ᠡ ᠶᠢ ᠨᠡᠭᠡᠭᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠢᠨ᠎ᠡ ᠬᠠᠭᠤᠳᠠᠰᠤ ᠶᠢ | ᠬᠠᠮᠲᠤ ᠪᠠᠷ ᠪᠢᠴᠢᠭᠯᠡᠶ᠎ᠡ︕ ᠭᠡᠵᠤ ᠵᠢᠭᠠᠵᠤ ᠭᠠᠷᠭᠠᠪᠠ᠃ | ᠲᠤᠮᠳᠠᠳᠤ ᠹᠷᠠᠨᠼᠢ ᠬᠤᠶᠠᠷ ᠤᠯᠤᠰ ᠤᠨ ᠵᠠᠰᠠᠭ ᠤᠨ ᠤᠷᠳᠤᠨ᠂ ᠠᠵᠤ ᠠᠬᠤᠶᠢᠯᠠᠯ ᠵᠡᠷᠭᠡ ᠡᠯ᠎ᠠ ᠡᠳᠡᠭᠡᠳ ᠤᠨ | ᠲᠦᠯᠦᠭᠡᠯᠡᠭᠴᠢ 200 ᠭᠠᠷᠤᠢ ᠬᠦᠮᠦᠨ ᠲᠡᠬᠦᠰᠬᠦ ᠶᠤᠰᠤᠯᠠᠯ ᠳᠤ ᠤᠷᠤᠯᠴᠠᠪᠠ᠃ | ᠼᠠᠢ ᠴᠢ᠂ ᠸᠠᠩ ᠢ ᠲᠡᠭᠡᠷᠡᠬᠢ ᠠᠵᠢᠯᠯᠠᠭ᠎ᠠ ᠳᠤ ᠤᠷᠤᠯᠴᠠᠵᠠᠢ᠃ | ︵ᠰᠢᠨᠬᠤᠸᠠ ᠬᠤᠷᠢᠶ᠎ᠠ ᠶᠢᠨ ᠫᠠᠷᠢᠰ ᠤᠨ 5 ᠰᠠᠷ᠎ᠠ ᠶᠢᠨ 6 ᠤ ᠴᠠᠬᠢᠯᠭᠠᠨ ᠮᠡᠳᠡᠭᠡ︶ |