ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 6 ᠤ ᠦᠳᠡ ᠶᠢᠨ ᠬᠤᠶᠢᠨ᠎ᠠ᠂ ᠹᠷᠠᠨᠼᠢ ᠳᠤ ᠲᠥᠷᠥ ᠶᠢᠨ | ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠷᠢᠰ ᠲᠤ ᠹᠷᠠᠨᠼᠢ ᠶᠢᠨ | ᠶᠡᠷᠦᠩᠬᠡᠶᠢᠯᠡᠭᠴᠢ ᠮᠠᠶᠢᠺᠷᠤᠨ ᠤ ᠦᠪᠡᠳᠡᠭᠰᠢ ᠶᠡᠭᠡ ᠤᠭᠲᠤᠬᠤ ᠶᠣᠰᠣᠯᠠᠯ ᠳᠤ ᠣᠷᠣᠯᠴᠠᠪᠠ᠃ | | | | ᠲᠠᠪᠤᠨ ᠰᠠᠷ᠎ᠠ ᠶᠢᠨ ᠫᠠᠷᠢᠰ ᠲᠤ᠂ ᠠᠭᠤᠷ ᠠᠮᠢᠰᠬᠤᠯ ᠲᠠᠭᠠᠯᠠᠮᠵᠢᠳᠠᠢ ᠦᠡᠭᠭᠡ ᠦᠵᠡᠮᠵᠢ ᠭᠤᠶᠢᠳᠠ ᠰᠠᠶᠢᠬᠠᠨ᠃ ᠰᠧᠨ | ᠭᠤᠣᠯ ᠤᠨ ᠬᠥᠪᠡᠭᠡᠨ ᠳᠤ᠂ ᠠᠯᠳᠠᠷᠳᠤ ᠴᠡᠷᠢᠭ ᠤᠨ ᠬᠦᠷᠢᠶᠡᠯᠡᠩ ᠤᠨ ᠠᠯᠲᠠᠨ ᠰᠢᠷᠭᠠᠯ ᠲᠡᠭᠡᠪᠤᠷ ᠠᠴᠠ ᠭᠡᠷᠡᠯ ᠰᠠᠴᠤᠷᠠᠵᠤ᠂ | ᠲᠠᠪᠤᠨ ᠣᠳᠣᠲᠤ ᠤᠯᠠᠭᠠᠨ ᠲᠤᠭ ᠪᠣᠯᠤᠨ ᠬᠥᠬᠡ ᠴᠠᠭᠠᠨ ᠤᠯᠠᠭᠠᠨ ᠭᠤᠷᠪᠠᠨ ᠥᠩᠭᠡ ᠶᠢᠨ ᠲᠤᠭ ᠰᠠᠯᠬᠢᠨ ᠤ ᠠᠶ᠎ᠠ ᠪᠠᠷ | ᠨᠠᠮᠢᠷᠠᠨ᠎ᠠ᠃ | | | ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠲᠡᠷᠭᠡᠨ ᠳᠤ ᠰᠠᠭᠤᠵᠤ ᠬᠦᠷᠴᠦ ᠢᠷᠡᠬᠦ ᠳᠤ᠂ ᠮᠠᠶᠢᠺᠷᠤᠨ ᠪᠣᠯᠤᠨ | ᠬᠠᠲᠤᠨ ᠪᠦᠯᠢᠵᠢᠲ᠋ᠧ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠪᠠ᠃ ᠰᠦᠷ ᠵᠢᠪᠬᠤᠯᠠᠩᠳᠤ | ᠤᠷᠤᠬᠰᠢᠯᠠᠯᠳᠠ ᠶᠢᠨ ᠠᠶᠠᠰ ᠤᠨ ᠳᠤᠮᠳᠠ ᠬᠤᠶᠠᠷ ᠤᠯᠤᠰ ᠤᠨ ᠲᠡᠷᠢᠭᠦᠨ ᠠᠭᠤᠳᠠᠮ ᠲᠠᠯᠠᠪᠠᠢ ᠳᠤ ᠠᠯᠬᠤᠨ ᠣᠷᠣᠪᠠ᠃ | ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠹᠷᠠᠨᠼᠢ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ | ᠬᠥᠭᠵᠢᠮᠳᠡᠪᠡ᠃ ᠬᠤᠶᠠᠷ ᠤᠯᠤᠰ ᠤᠨ ᠲᠡᠷᠢᠭᠦᠨ ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠬᠠᠮᠠᠭᠠᠯᠠᠬᠤ ᠠᠩᠭᠢ ᠪᠣᠯᠤᠨ | ᠬᠠᠭᠤᠷᠠᠢ ᠳᠠᠯᠠᠢ ᠠᠭᠠᠷ ᠭᠤᠷᠪᠠᠨ ᠵᠠᠮ ᠤᠨ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠬᠦ ᠶᠢᠨ ᠵᠡᠷᠭᠡ ᠪᠠᠷ | ᠵᠢᠭᠰᠠᠭᠠᠯ ᠢ ᠰᠢᠯᠭᠠᠨ ᠦᠵᠡᠪᠡ᠃ ᠳᠠᠷᠠᠭ᠎ᠠ ᠨᠢ᠂ ᠱᠢ ᠶᠢᠨ ᠫᠢᠩ ᠪᠣᠯᠤᠨ ᠫᠧᠩ ᠯᠢ ᠶᠤᠸᠠᠨ ᠹᠷᠠᠨᠼᠢ ᠶᠢᠨ ᠭᠤᠣᠯ ᠠᠯᠪᠠᠨ | ᠲᠤᠰᠢᠶᠠᠯᠲᠠᠳ ᠲᠠᠢ ᠨᠢᠭᠡᠳ ᠨᠢᠭᠡ ᠪᠠᠷ ᠭᠠᠷ ᠠᠳᠬᠤᠵᠤ ᠮᠡᠨᠳᠦᠴᠢᠯᠡᠯ ᠬᠦᠷᠬᠡᠪᠡ᠃ ᠮᠠᠶᠢᠺᠷᠤᠨ ᠬᠠᠳᠤᠨ ᠲᠠᠢ ᠪᠠᠨ | ᠲᠤᠮᠳᠠᠳᠤ ᠶᠢᠨ ᠲᠠᠯ᠎ᠠ ᠶᠢᠨ ᠪᠠᠷ᠎ᠠ ᠪᠣᠯᠤᠭᠰᠡᠳ ᠲᠠᠢ ᠲᠤᠰ ᠲᠤᠰ ᠭᠠᠷ ᠠᠳᠬᠤᠨ ᠮᠡᠨᠳᠦᠴᠢᠯᠡᠯ ᠬᠦᠷᠬᠡᠪᠡ᠃ | ᠤᠭᠲᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠪᠣᠯᠤᠨ ᠫᠧᠩ ᠯᠢ ᠶᠤᠸᠠᠨ ᠪᠦᠭᠦᠳᠡ ᠨᠠᠶᠢᠷᠠᠮᠳᠠᠬᠤ ᠤᠯᠤᠰ ᠤᠨ | ᠬᠠᠮᠠᠭᠠᠯᠠᠬᠤ ᠠᠩᠭᠢ ᠶᠢᠨ 148 ᠮᠣᠷᠢᠲᠤ ᠴᠡᠷᠢᠭ ᠢᠶᠠᠷ ᠪᠦᠷᠢᠯᠳᠦᠭᠰᠡᠨ ᠶᠣᠰᠣᠯᠠᠯ ᠤᠨ ᠴᠡᠷᠢᠭ ᠪᠣᠯᠤᠨ ᠮᠣᠲ᠋ᠣᠷ ᠲᠡᠷᠭᠡᠨ ᠤ | ᠠᠩᠭᠢ ᠶᠢᠨ ᠬᠠᠮᠠᠭᠠᠯᠠᠯᠲᠠ ᠲᠠᠢ ᠪᠠᠷ᠂ ᠲᠡᠷᠭᠡᠨ ᠳᠤ ᠰᠠᠭᠤᠵᠤ ᠤᠯᠢᠰᠤ ᠣᠷᠳᠣᠨ ᠳᠤ ᠬᠦᠷᠪᠡ᠃ | ᠼᠠᠢ ᠴᠢ᠂ ᠸᠠᠩ ᠢ ᠨᠠᠷ ᠤᠭᠲᠤᠬᠤ ᠶᠣᠰᠣᠯᠠᠯ ᠳᠤ ᠣᠷᠣᠯᠴᠠᠵᠠᠢ᠃ |