ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 6 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠫᠠᠷᠢᠰ ᠤᠨ ᠤᠯᠢᠰᠤ ᠣᠷᠳᠣᠨ ᠳᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠡᠯᠡᠯᠴᠡᠭᠡ ᠬᠢᠪᠡ᠃ | | | ᠰᠢ ᠶᠢᠨ ᠫᠢᠩ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠶᠢᠨ ᠲᠠᠰᠢᠷᠠᠮ ᠢᠶᠠᠷ | ᠹᠷᠠᠨᠼᠢ ᠳᠤ ᠭᠤᠷᠪᠠᠳᠤᠭᠠᠷ ᠤᠳᠠᠭ᠎ᠠ ᠶᠢᠨ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ | ᠪᠠᠶᠢᠨ᠎ᠠ᠃ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ 60 ᠵᠢᠯ ᠤᠨ ᠡᠷᠬᠢᠮ ᠨᠠᠨᠳᠢᠨ ᠥᠩᠭᠡᠷᠡᠯᠲᠡ ᠨᠢ ᠪᠢᠳᠡ | ᠲᠠᠷᠠᠭᠠᠴᠢ ᠶᠢᠨ 60 ᠵᠢᠯ ᠢ ᠬᠡᠷᠬᠢᠨ ᠡᠬᠢᠯᠡᠭᠦᠯᠬᠦ ᠶᠢ ᠨᠡᠩ ᠰᠠᠶᠢᠲᠤᠷ ᠪᠣᠳᠣᠯᠬᠢᠯᠠᠭᠤᠯᠬᠤ ᠪᠣᠯᠤᠨ᠎ᠠ᠃ ᠣᠳᠣᠬᠠᠨ ᠤ | ᠳᠡᠯᠡᠬᠡᠶ ᠶᠢᠨ ᠵᠠᠭᠤᠨ ᠵᠢᠯ ᠤᠨ ᠬᠤᠪᠢᠰᠤᠯᠳᠠ ᠶᠢᠨ ᠪᠠᠶᠢᠳᠠᠯ ᠳᠤᠤᠷ᠎ᠠ᠂ ᠬᠤᠶᠠᠷ ᠲᠠᠯ᠎ᠠ ᠪᠠᠷ ᠢᠶᠠᠨ ᠪᠡᠶ᠎ᠡ ᠪᠠᠨ ᠳᠠᠭᠠᠭᠠᠵᠤ | ᠡᠵᠡᠨ ᠮᠡᠳᠡᠬᠦ᠂ ᠬᠠᠷᠢᠯᠴᠠᠨ ᠣᠶᠢᠯᠠᠭᠠᠯᠴᠠᠬᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠬᠠᠷᠢᠯᠴᠠᠨ ᠠᠰᠢᠭᠲᠠᠶ | ᠬᠠᠮᠲᠤ ᠪᠠᠷ ᠠᠰᠢᠭ ᠭᠥᠷᠳᠡᠬᠦ ᠭᠠᠳᠠᠭᠠᠳᠤ ᠬᠠᠷᠢᠯᠴᠠᠭ᠎ᠠ ᠪᠠᠶᠢᠭᠤᠯᠬᠤ ᠣᠭ ᠰᠠᠨᠠᠭ᠎ᠠ ᠪᠠᠨ ᠪᠠᠲᠤ ᠰᠠᠬᠢᠬᠤ ᠶᠢᠨ ᠬᠠᠮᠲᠤ | ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠢᠲᠡᠭᠡᠯᠴᠡᠭᠡ ᠲᠣᠭᠲᠠᠭᠤᠨ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠳᠤᠮᠳᠠᠳᠤ ᠹᠷᠠᠨᠼᠢ ᠶᠢᠨ ᠬᠠᠷᠢᠯᠴᠠᠭ᠎ᠠ ᠶᠢ ᠪᠠᠶᠢᠭᠤᠯᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠪᠡᠶ᠎ᠡ ᠪᠠᠨ ᠳᠠᠭᠠᠭᠠᠵᠤ ᠡᠵᠡᠨ | ᠮᠡᠳᠡᠬᠦ ᠶᠢ ᠪᠠᠷᠢᠮᠲᠠᠯᠠᠵᠤ᠂ ︽ᠰᠢᠨ᠎ᠡ ᠬᠦᠢᠳᠡᠨ ᠲᠠᠶᠢᠨ︾ ᠪᠤᠶᠤ ᠯᠠᠭᠦᠷ ᠤᠨ ᠡᠰᠡᠷᠭᠦᠴᠡᠯᠳᠦᠯ ᠢ ᠬᠠᠮᠲᠤ ᠪᠠᠷ ᠰᠡᠷᠭᠡᠶᠢᠯᠡᠶ᠎ᠡ︔ | ᠬᠠᠷᠢᠯᠴᠠᠨ ᠣᠶᠢᠯᠠᠭᠠᠯᠴᠠᠬᠤ ᠶᠢ ᠪᠠᠷᠢᠮᠲᠠᠯᠠᠵᠤ᠂ ᠲᠠᠩᠰᠤᠭ ᠰᠠᠶᠢᠬᠠᠨ ᠳᠡᠯᠡᠬᠡᠢ ᠵᠢᠷᠲᠢᠨᠴᠦ ᠶᠢᠨ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ ᠶᠢ ᠬᠠᠮᠲᠤ ᠪᠠᠷ ᠠᠬᠢᠭᠤᠯᠤᠶ᠎ᠠ︔ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠡᠷᠬᠡ ᠲᠡᠭᠰᠢ ᠡᠮᠬᠢ | ᠵᠢᠷᠤᠮ ᠲᠠᠢ ᠳᠡᠯᠡᠬᠡᠢ ᠶᠢᠨ ᠤᠯᠠᠨ ᠲᠦᠢᠯᠰᠢᠷᠠᠯ ᠢ ᠬᠠᠮᠲᠤ ᠪᠠᠷ ᠠᠬᠢᠭᠤᠯᠤᠶ᠎ᠠ︔ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠬᠦᠷᠳᠡᠬᠦ ᠶᠢ ᠪᠠᠷᠢᠮᠲᠠᠯᠠᠵᠤ᠂ ︽ᠬᠠᠷᠢᠴᠠᠭ᠎ᠠ ᠪᠠᠨ ᠲᠠᠰᠤᠯᠵᠤ ᠬᠡᠯᠬᠢᠶ᠎ᠡ ᠪᠠᠨ ᠰᠠᠯᠭᠠᠬᠤ︾ ᠶᠢ ᠬᠠᠮᠲᠤ ᠪᠠᠷ ᠡᠰᠡᠷᠭᠦᠴᠡᠶ᠎ᠡ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠹᠷᠠᠨᠼᠢ ᠯᠤᠭ᠎ᠠ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ | ᠪᠠᠲᠤᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠦᠨᠳᠦᠳᠭᠡᠵᠦ᠂ ᠬᠤᠶᠠᠷ ᠲᠠᠯ᠎ᠠ ᠶᠢᠨ | ᠬᠠᠷᠢᠯᠴᠠᠭᠠᠨ ᠤ ᠪᠠᠶᠢᠯᠳᠤᠬᠤ ᠪᠤᠳᠤᠯᠭ᠎ᠠ ᠶᠢᠨ ᠲᠣᠭᠲᠠᠭᠤᠨ ᠢ ᠪᠠᠬᠢᠵᠢᠭᠦᠯᠦᠨ᠎ᠡ᠃ ᠬᠠᠷᠢᠯᠴᠠᠨ ᠠᠰᠢᠭᠲᠠᠶ ᠬᠠᠮᠵᠢᠯᠴᠠᠭᠠᠨ ᠤ | ᠳᠠᠯᠲᠠ ᠬᠦᠴᠦᠨ ᠢ ᠠᠭᠤᠳᠠᠯᠵᠤ᠂ ᠬᠤᠶᠠᠷ ᠲᠠᠯ᠎ᠠ ᠶᠢᠨ ᠠᠷᠠᠯᠵᠢᠶᠠᠨ ᠤ ᠲᠡᠩᠴᠡᠭᠦᠷᠢ ᠶᠢ ᠠᠬᠢᠭᠤᠯᠤᠨ᠎ᠠ᠃ ᠳᠤᠮᠳᠠᠳᠤ | ᠤᠯᠤᠰ ᠳᠤᠷᠠᠲᠠᠶ᠎ᠠ ᠹᠷᠠᠨᠼᠢ ᠶᠢᠨ ᠨᠡᠩ ᠤᠯᠠᠨ ᠴᠢᠨᠠᠷ ᠰᠠᠶᠢᠲᠠᠢ ᠦᠢᠯᠡᠳᠭᠦᠨ ᠢ ᠣᠷᠣᠭᠤᠯᠵᠤ᠂ ︽ᠹᠷᠠᠨᠼᠢ ᠶᠢᠨ | ᠲᠠᠷᠢᠶᠠᠯᠠᠩ ᠤᠨ ᠲᠠᠯᠠᠪᠠᠢ ᠠᠴᠠ ᠳᠤᠮᠳᠠᠳᠤ ᠤᠯᠤᠰ ᠤᠨ ᠬᠤᠭᠤᠯᠠᠨ ᠰᠢᠷᠡᠭᠡᠨ ᠳᠤ ᠬᠦᠷᠬᠦ︾ ᠲᠣᠭᠲᠡᠴᠡ ᠶᠢᠨ ᠨᠡᠩ ᠤᠯᠠᠨ | ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠤᠯᠬᠤ ᠶᠢ ᠠᠬᠢᠭᠤᠯᠵᠤ᠂ ᠹᠷᠠᠨᠼᠢ ᠠᠴᠠ ᠳᠤᠮᠳᠠᠳᠤ ᠤᠯᠤᠰ ᠲᠤ ᠨᠡᠩ ᠤᠯᠠᠨ | ᠳᠡᠭᠡᠳᠦ ᠮᠡᠷᠭᠡᠵᠢᠯ᠂ ᠥᠨᠳᠥᠷ ᠨᠡᠮᠡᠯᠲᠡ ᠦᠷᠳᠡᠭ ᠲᠠᠢ ᠦᠢᠯᠡᠳᠭᠦᠨ ᠭᠠᠷᠭᠠᠬᠤ ᠶᠢ ᠬᠦᠰᠡᠵᠦ ᠪᠠᠶᠢᠨ᠎ᠠ᠃ ᠬᠤᠶᠠᠷ | ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠰᠠᠨᠰᠠᠷ ᠤᠨ ᠠᠶᠠᠯᠠᠯ | ᠠᠭᠠᠷ ᠤᠨ ᠠᠶᠠᠯᠠᠯ ᠵᠡᠷᠭᠡ ᠤᠯᠠᠮᠵᠢᠯᠠᠯᠲᠤ ᠳᠠᠪᠠᠭᠤᠯᠢᠭ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠴᠥᠮ᠎ᠡ ᠶᠢᠨ ᠡᠨᠧᠷᠭᠢ᠂ ᠰᠢᠨ᠎ᠡ ᠶᠢ ᠡᠭᠦᠳᠬᠦ᠂ ᠮᠥᠩᠭᠦᠨ ᠭᠦᠢᠯᠭᠡᠭᠡᠨ ᠤ ᠬᠦᠷᠢᠶᠡᠨ ᠤ ᠬᠠᠮᠲᠤᠷᠠᠯᠴᠠᠭ᠎ᠠ ᠪᠠᠨ | ᠴᠢᠩᠭᠠᠳᠬᠠᠵᠤ᠂ ᠪᠣᠬᠢᠷᠲᠤᠯ ᠦᠭᠡᠢ ᠡᠨᠧᠷᠭᠢ᠂ ᠣᠶᠤᠨᠴᠢ ᠦᠢᠯᠡᠳᠭᠡᠯ᠂ ᠠᠮᠢᠳᠤ ᠪᠣᠳᠠᠰ ᠤᠨ ᠡᠮ ᠡᠮᠨᠡᠯᠭᠡ᠂ ᠵᠣᠬᠢᠶᠠᠮᠠᠯ | ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠭᠡᠨ᠎ᠡ᠃ ᠳᠤᠮᠳᠠᠳᠤ | ᠤᠯᠤᠰ ᠨᠢᠭᠡᠨᠲᠡ ᠦᠢᠯᠡᠳᠬᠦ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠪᠦᠬᠦ ᠲᠠᠯ᠎ᠠ ᠪᠠᠷ ᠴᠢᠯᠥᠭᠡᠲᠡᠢ | ᠪᠣᠯᠭᠠᠵᠤ᠂ ᠴᠠᠬᠢᠯᠭᠠᠨ ᠬᠤᠯᠪᠣᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠢ ᠲᠦᠷᠭᠡᠨ ᠴᠢᠯᠥᠭᠡᠲᠡᠢ ᠪᠣᠯᠭᠠᠵᠤ᠂ ᠨᠡᠩ ᠤᠯᠠᠨ ᠹᠷᠠᠨᠼᠢ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ | ᠢᠷᠡᠵᠤ ᠪᠡᠯᠡ ᠣᠷᠣᠭᠤᠯᠬᠤ ᠶᠢ ᠪᠠᠶᠠᠷᠯᠠᠨ ᠤᠭᠲᠤᠬᠤ ᠶᠢᠨ ᠬᠠᠮᠲᠤ ᠹᠷᠠᠨᠼᠢ ᠶᠢᠨ ᠲᠠᠯ᠎ᠠ ᠶᠢᠨ ᠬᠢᠨ ᠠᠴᠠ ᠳᠤᠮᠳᠠᠳᠤ | ᠤᠯᠤᠰ ᠤᠨ ᠠᠵᠤ ᠠᠬᠤᠶᠢᠯᠠᠯ ᠤᠨ ᠹᠷᠠᠨᠼᠢ ᠳᠤ ᠬᠦᠷᠴᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠳᠤ ᠰᠠᠶᠢᠨ ᠰᠠᠶᠢᠬᠠᠨ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠪᠣᠯᠤᠨ ᠲᠣᠭᠲᠠᠭᠤᠨ ᠬᠥᠭᠵᠢᠯᠲᠡ ᠶᠢᠨ ᠵᠢᠱᠢᠯᠲᠡ ᠬᠠᠩᠭᠠᠬᠤ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠹᠷᠠᠨᠼᠢ ᠪᠣᠯ ᠪᠦᠷ ᠰᠣᠶᠣᠯ ᠤᠨ ᠶᠡᠭᠡ ᠤᠯᠤᠰ ᠮᠥᠨ᠂ ᠬᠤᠶᠠᠷ ᠲᠠᠯ᠎ᠠ ᠪᠠᠷ ᠢᠶᠠᠨ ᠰᠣᠶᠣᠯ | ᠢᠷᠭᠡᠨᠰᠢᠯ ᠤᠨ ᠶᠠᠪᠤᠯᠴᠠᠭ᠎ᠠ ᠶᠢᠨ ︽ᠦᠬᠡᠳᠡ ᠦᠬᠡᠳᠡ ᠪᠠᠨ ᠤᠷᠤᠭᠰᠢᠯᠠᠬᠤ︾ ᠶᠢ ᠲᠦᠷᠭᠡᠳᠭᠡᠵᠦ᠂ ᠳᠤᠮᠳᠠᠳᠤ | ᠹᠷᠠᠨᠼᠢ ᠶᠢᠨ ᠰᠣᠶᠣᠯ ᠵᠢᠭᠤᠯᠴᠢᠯᠠᠯ ᠤᠨ ᠣᠨ ᠤ ᠡᠯ᠎ᠡ ᠵᠦᠢᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠲᠤᠷᠠᠨ ᠬᠠᠮᠠᠭᠠᠯᠠᠵᠤ ᠰᠡᠷᠭᠦᠭᠡᠬᠦ ᠠᠵᠢᠯ ᠪᠣᠯᠤᠨ ᠳᠡᠯᠡᠬᠡᠢ ᠶᠢᠨ ᠥᠪ ᠭᠠᠵᠠᠷ ᠢ | ᠰᠠᠶᠢᠲᠤᠷ ᠬᠤᠯᠪᠤᠬᠤ ᠵᠡᠷᠭᠡ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠶ᠎ᠠ᠃ ᠳᠤᠮᠳᠠᠳᠤ ᠤᠯᠤᠰ ᠹᠷᠠᠨᠼᠢ ᠶᠢᠨ ᠨᠠᠩ | ᠣᠯᠠᠨ ᠨᠠᠶᠢᠵᠠ ᠨᠠᠷ ᠤᠨ ᠳᠤᠮᠳᠠᠳᠤ ᠤᠯᠤᠰ ᠲᠤ ᠢᠷᠡᠬᠦ ᠶᠢ ᠪᠠᠶᠠᠷᠯᠠᠨ ᠤᠭᠲᠤᠵᠤ᠂ ᠹᠷᠠᠨᠼᠢ ᠵᠡᠷᠭᠡ 12 ᠤᠯᠤᠰ ᠤᠨ | ᠠᠷᠠᠳ ᠢᠷᠭᠡᠨ ᠤ ᠣᠬᠤᠷ ᠬᠤᠭᠤᠴᠠᠭ᠎ᠠ ᠪᠠᠷ ᠳᠤᠮᠳᠠᠳᠤ ᠤᠯᠤᠰ ᠲᠤ ᠢᠷᠡᠬᠦ ᠸᠢᠰᠠ ᠶᠢ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢ 2025 ᠣᠨ ᠤ ᠡᠴᠦᠰ ᠪᠣᠯᠲᠠᠯ᠎ᠠ ᠤᠷᠲᠤᠳᠬᠠᠵᠤ᠂ ᠢᠷᠡᠬᠦ 3 ᠵᠢᠯ ᠳᠤ ᠹᠷᠠᠨᠼᠢ ᠶᠢᠨ ᠳᠤᠮᠳᠠᠳᠤ | ᠤᠯᠤᠰ ᠲᠤ ᠢᠷᠡᠵᠦ ᠰᠤᠷᠤᠯᠴᠠᠬᠤ ᠰᠤᠷᠤᠭᠴᠢ ᠶᠢᠨ ᠲᠤᠭ᠎ᠠ 1 ᠲᠦᠮᠡ ᠶᠢ ᠳᠠᠪᠠᠭ᠋ᠤ ᠶᠢ ᠠᠬᠢᠭᠤᠯᠵᠤ᠂ ᠧᠦ᠋ᠷᠣᠫᠠ | ᠲᠢᠪ ᠤᠨ ᠵᠠᠯᠠᠭᠤᠴᠤᠳ ᠪᠠᠭᠠᠴᠤᠳ ᠤᠨ ᠳᠤᠮᠳᠠᠳᠤ ᠤᠯᠤᠰ ᠲᠤ ᠢᠷᠡᠵᠦ ᠰᠣᠯᠢᠯᠴᠠᠬᠤ ᠬᠡᠪᠴᠢᠶ᠎ᠡ ᠶᠢ ᠬᠤᠶᠠᠷ ᠳᠠᠬᠢᠨ | ᠪᠤᠯᠭᠠᠨ ᠨᠡᠮᠡᠭᠳᠡᠭᠦᠯᠦᠨ᠎ᠡ᠃ ᠳᠤᠮᠳᠠᠳᠤ ᠤᠯᠤᠰ ᠹᠷᠠᠨᠼᠢ ᠶᠢᠨ ᠬᠢᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ | ᠰᠠᠶᠢᠲᠤᠷ ᠡᠷᠬᠢᠯᠡᠬᠦ ᠶᠢ ᠳᠡᠮᠵᠢᠵᠦ᠂ ᠥᠨᠳᠥᠷ ᠲᠦᠪᠰᠢᠨ ᠪᠦᠬᠦᠢ ᠲᠥᠯᠥᠭᠡᠯᠡᠭᠴᠢᠳ ᠤᠨ ᠪᠦᠯᠬᠦᠮ ᠲᠣᠮᠢᠯᠠᠨ ᠹᠷᠠᠨᠼᠢ ᠳᠤ | ᠣᠴᠢᠭᠤᠯᠵᠤ ᠤᠷᠤᠯᠳᠤᠭᠠᠨ ᠳᠤ ᠣᠷᠣᠯᠴᠠᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠹᠷᠠᠨᠼᠢ ᠶᠢᠨ ᠬᠢᠨ ᠲᠠᠢ ᠠᠭᠤᠷ | ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠹᠷᠠᠨᠼᠢ ᠶᠢᠨ ᠬᠢᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠡᠯᠡᠶ ᠲᠠᠩᠭᠢᠰ ᠤᠨ ᠶᠡᠭᠡ | ᠬᠤᠷᠠᠯ ᠢ ᠰᠠᠶᠢᠲᠤᠷ ᠡᠷᠭᠢᠯᠡᠬᠦ ᠶᠢ ᠳᠡᠮᠵᠢᠵᠦ᠂ ᠬᠤᠶᠠᠷ ᠤᠯᠤᠰ ᠤᠨ ᠬᠤᠯᠪᠣᠭᠳᠠᠯ ᠪᠥᠬᠦᠶ ᠤᠯᠤᠰ ᠤᠨ ᠴᠡᠴᠡᠷᠯᠢᠭ ᠪᠣᠯᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠬᠠᠪᠰᠤᠷᠤᠯᠴᠠᠭ᠎ᠠ ᠪᠠᠶᠢᠭᠤᠯᠬᠤ ᠶᠢ ᠵᠣᠷᠢᠭᠵᠢᠭᠤᠯᠤᠨ᠎ᠠ᠃ ᠳᠤᠮᠳᠠᠳᠤ ᠤᠯᠤᠰ | ᠪᠠᠰᠠ ᠳᠤᠷᠠᠲᠠᠶ᠎ᠠ ᠹᠷᠠᠨᠼᠢ ᠶᠢᠨ ᠬᠢᠨ ᠲᠠᠢ ᠵᠣᠬᠢᠶᠠᠮᠠᠯ ᠣᠶᠤᠨ ᠴᠢᠳᠠᠪᠤᠷᠢ ᠶᠢᠨ ᠵᠠᠰᠠᠯᠲᠠ᠂ ᠣᠯᠠᠨ ᠤᠯᠤᠰ ᠤᠨ ᠮᠥᠩᠭᠦᠨ | ᠭᠦᠢᠯᠭᠡᠭᠡᠨ ᠤ ᠰᠢᠰᠲ᠋ᠧᠮ ᠤᠨ ᠥᠭᠡᠷᠡᠴᠢᠯᠡᠯᠲᠡ ᠵᠡᠷᠭᠡ ᠬᠦᠷᠢᠶᠡᠨ ᠳᠠᠬᠢ ᠶᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠎ᠠ | ᠭᠡᠵᠦ ᠴᠢᠬᠤᠯᠠᠴᠢᠯᠠᠪᠠ᠃ | ᠮᠠᠶᠢᠺᠷᠤᠨ᠂ ᠡᠨᠡ ᠵᠢᠯ ᠹᠷᠠᠨᠼᠢ ᠳᠤᠮᠳᠠᠳᠤ ᠬᠠᠮᠲᠤ ᠪᠠᠷ ᠹᠷᠠᠨᠼᠢ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 60 | ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠨ᠎ᠡ᠃ ᠹᠷᠠᠨᠼᠢ ᠳᠤᠮᠳᠠᠳᠤ ᠶᠢᠨ ᠬᠠᠷᠢᠯᠴᠠᠭ᠎ᠠ ᠨᠥᠬᠦᠷᠰᠡᠭ᠂ | ᠬᠠᠮᠲᠤᠷᠠᠯᠴᠠᠭ᠎ᠠ ᠡᠯᠪᠡᠭ ᠦᠷ᠎ᠡ ᠪᠦᠲᠦᠮᠵᠢ ᠣᠯᠵᠤ᠂ ᠳᠡᠭᠡᠳᠦ ᠲᠡᠰ ᠤᠨ ᠮᠡᠷᠭᠡᠵᠢᠯ ᠳᠤ ᠬᠤᠯᠪᠣᠭᠳᠠᠬᠤ ᠪᠠᠷ ᠪᠠᠷᠠᠬᠤ ᠦᠭᠡᠢ | ᠠᠭᠤᠷ ᠠᠮᠢᠰᠬᠤᠯ ᠤᠨ ᠬᠤᠪᠢᠷᠠᠯᠲᠠ᠂ ᠲᠠᠯᠠᠢ ᠲᠠᠩᠭᠢᠰ ᠤᠨ ᠤᠯᠠᠨ ᠶᠠᠩᠵᠤᠲᠤ ᠴᠢᠨᠠᠷ ᠵᠡᠷᠭᠡ ᠪᠦᠬᠦ ᠪᠥᠮᠪᠥᠷᠴᠡᠭ ᠤᠨ | ᠴᠢᠨᠠᠷᠲᠠᠢ ᠵᠥᠪᠯᠡᠬᠦ ᠰᠡᠳᠦᠪ ᠢ ᠴᠦ ᠪᠠᠭᠲᠠᠭᠠᠨ᠎ᠠ᠃ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠶᠢᠨ | ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠤᠯᠠᠨ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠥ᠂ | ᠹᠷᠠᠨᠼᠢ ᠳᠤᠮᠳᠠᠳᠤ ᠶᠢᠨ ᠬᠠᠮᠲᠤᠷᠠᠯᠴᠠᠭᠠᠨ ᠤ ᠲᠠᠯᠳᠠ ᠬᠦᠴᠦᠨ ᠪᠣᠯᠤᠨ ᠠᠯᠤᠰ ᠢᠷᠡᠭᠡᠳᠦᠢ ᠶᠢ ᠳᠠᠬᠢᠨᠲᠠ ᠢᠯᠡᠷᠡᠭᠦᠯᠪᠡ᠃ | ᠣᠳᠣᠬᠠᠨ ᠳᠤ ᠳᠡᠯᠡᠬᠡᠢ ᠳ᠋ᠠᠬᠢᠨ ᠮᠠᠰᠢ ᠤᠯᠠᠨ ᠲᠤᠯᠭᠠᠮ ᠥᠷᠢᠰᠥᠯᠳᠦᠭᠡᠨ ᠳᠤ ᠲᠤᠯᠭᠠᠷᠠᠵᠤ᠂ ᠹᠷᠠᠨᠼᠢ ᠳᠤᠮᠳᠠᠳᠤ ᠶᠢᠨ | ᠬᠠᠷᠢᠯᠴᠠᠭ᠎ᠠ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠵᠠᠩᠭᠢᠯᠠᠭ᠎ᠠ ᠶᠢᠨ ᠴᠠᠭ ᠮᠥᠴᠡ ᠳᠤ ᠣᠷᠣᠰᠢᠵᠤ | ᠪᠠᠶᠢᠨ᠎ᠠ᠃ ᠹᠷᠠᠨᠼᠢ ᠳᠤᠮᠳᠠᠳᠤ ᠶᠢᠨ ᠬᠠᠷᠢᠯᠴᠠᠭ᠎ᠠ ᠭᠦᠨ ᠵᠤᠵᠠᠭᠠᠨ ᠠᠭᠤᠯᠤᠭᠳᠠᠬᠤᠨ ᠲᠠᠢ ᠶᠤᠮ᠂ ᠬᠤᠶᠠᠷ ᠲᠠᠯ᠎ᠠ ᠪᠠᠷ ᠢᠶᠠᠨ | ᠬᠠᠷᠢᠯᠴᠠᠨ ᠬᠦᠨᠳᠦᠳᠭᠡᠵᠦ᠂ ᠠᠯᠤᠰ ᠬᠡᠳᠦ ᠶᠢ ᠪᠣᠳᠣᠯᠬᠢᠯᠠᠵᠤ᠂ ᠬᠠᠮᠲᠤᠷᠠᠯᠴᠠᠭ᠎ᠠ ᠪᠠᠨ ᠴᠢᠩᠭᠠᠳᠬᠠᠪᠠᠯ᠂ ᠪᠦᠬᠦ | ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠰᠢᠢᠳᠪᠦᠷᠢᠯᠡᠬᠦ᠂ ᠪᠦᠯᠦᠭᠯᠡᠯ ᠤᠨ ᠡᠰᠡᠷᠭᠦᠴᠡᠯᠳᠦᠯ ᠠᠴᠠ ᠵᠠᠶᠢᠯᠠᠰᠭᠢᠬᠦ ᠳᠤ | ᠴᠢᠬᠤᠯᠠ ᠢᠳᠡᠪᠬᠢ ᠦᠢᠯᠡᠳᠦᠯ ᠦᠵᠡᠭᠦᠯᠬᠦ ᠪᠣᠯᠤᠨ᠎ᠠ᠃ ᠹᠷᠠᠨᠼᠢ ᠶᠢᠨ ᠲᠠᠯ᠎ᠠ ᠶᠢᠨ ᠬᠢᠨ ᠳᠤᠮᠳᠠᠳᠤ ᠤᠯᠤᠰ ᠯᠤᠭ᠎ᠠ ᠬᠤᠶᠠᠷ | ᠲᠠᠯ᠎ᠠ ᠶᠢᠨ ᠠᠵᠤ ᠠᠬᠤᠢ ᠶᠢᠨ ᠬᠠᠷᠢᠯᠴᠠᠭ᠎ᠠ ᠪᠣᠯᠤᠨ ᠤᠯᠠᠨ ᠲᠠᠯ᠎ᠠ ᠶᠢᠨ ᠤᠯᠤᠯᠴᠠᠭ᠎ᠠ ᠬᠠᠮᠵᠢᠯᠴᠠᠭ᠎ᠠ ᠪᠠᠨ ᠤᠯᠠᠮ | ᠴᠢᠨᠠᠭᠰᠢᠳᠠ ᠨᠢᠭᠲᠠᠷᠠᠭᠤᠯᠵᠤ᠂ ᠹᠷᠠᠨᠼᠢ ᠳᠤᠮᠳᠠᠳᠤ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ | ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠹᠷᠠᠨᠼᠢ ᠶᠢᠨ ᠲᠠᠯ᠎ᠠ ᠶᠢᠨ ᠬᠢᠨ ᠳᠤᠮᠳᠠᠳᠤ | ᠤᠯᠤᠰ ᠲᠤ ᠨᠡᠩ ᠤᠯᠠᠨ ᠲᠠᠷᠢᠶᠠᠯᠠᠩ ᠤᠨ ᠪᠦᠲᠦᠭᠡᠭᠳᠡᠬᠦᠨ ᠭᠠᠷᠭᠠᠬᠤ ᠶᠢ ᠬᠦᠰᠡᠵᠦ ᠪᠠᠶᠢᠨ᠎ᠠ᠂ ᠡᠭᠦᠨ ᠤ ᠬᠠᠮᠲᠤ ᠳᠤᠮᠳᠠᠳᠤ | ᠤᠯᠤᠰ ᠲᠤ ᠵᠠᠬ᠎ᠠ ᠳᠡᠯᠭᠡᠭᠦᠷ ᠤᠨ ᠨᠡᠭᠡᠭᠡᠯᠳᠠ ᠬᠢᠬᠦ ᠶᠢ ᠪᠠᠲᠤᠯᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠳᠤ | ᠴᠢᠭᠯᠡᠭᠦᠯᠦᠨ ᠭᠠᠳᠠᠭᠤᠷᠴᠢᠯᠠᠬᠤ ᠴᠢᠨᠠᠷᠲᠠᠢ ᠲᠦᠷᠦ ᠶᠢᠨ ᠪᠤᠳᠤᠯᠭ᠎ᠠ ᠶᠠᠪᠤᠭᠤᠯᠬᠤ ᠦᠭᠡᠢ ᠶᠤᠮ᠂ ᠳᠡᠭᠡᠳᠦ ᠮᠡᠷᠭᠡᠵᠢᠯ ᠤᠨ | ᠠᠵᠤ ᠠᠬᠤᠶᠢᠯᠠᠯ ᠢ ᠪᠠᠭᠲᠠᠭᠠᠭᠰᠠᠨ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠹᠷᠠᠨᠼᠢ ᠳᠤ ᠬᠦᠷᠴᠦ ᠪᠡᠯᠡ | ᠣᠷᠣᠭᠤᠯᠤᠨ ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠵᠤ ᠪᠠᠶᠢᠨ᠎ᠠ᠃ ᠹᠷᠠᠨᠼᠢ ᠶᠢᠨ ᠲᠠᠯ᠎ᠠ ᠶᠢᠨ ᠬᠢᠨ ᠳᠤᠷᠠᠲᠠᠶ᠎ᠠ | ᠳᠤᠮᠳᠠᠳᠤ ᠤᠮᠤᠰ ᠲᠠᠢ ᠰᠠᠨᠰᠠᠷ ᠤᠨ ᠠᠶᠠᠯᠠᠯ ᠠᠭᠠᠷ ᠤᠨ ᠠᠶᠠᠯᠠᠯ᠂ ᠠᠷᠠᠳ ᠤᠨ ᠬᠡᠷᠡᠭᠯᠡᠭᠡᠨ ᠤ ᠴᠥᠮ᠎ᠡ ᠶᠢᠨ ᠡᠨᠧᠷᠭᠢ ᠵᠡᠷᠭᠡ | ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠨᠡ ᠵᠢᠯ ᠤᠨ ᠹᠷᠠᠨᠼᠢ ᠳᠤᠮᠳᠠᠳᠤ ᠶᠢᠨ ᠰᠣᠶᠣᠯ ᠵᠢᠭᠤᠯᠴᠢᠯᠠᠯ ᠤᠨ | ᠣᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠡᠷᠬᠢᠯᠡᠨ᠎ᠡ᠂ ᠳᠤᠮᠳᠠᠳᠤ ᠶᠢᠨ ᠲᠠᠯ᠎ᠠ ᠶᠢᠨ ᠪᠦᠯᠬᠦᠮ ᠲᠣᠮᠢᠯᠠᠨ ᠫᠠᠷᠢᠰ ᠤᠨ | ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠹᠷᠠᠨᠼᠢ ᠶᠢᠨ | ᠲᠠᠯ᠎ᠠ ᠶᠢᠨ ᠬᠢᠨ ᠳᠤᠷᠠᠲᠠᠶ᠎ᠠ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ | ᠬᠠᠮᠠᠭᠠᠯᠠᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠤᠨ ᠲᠤᠬᠠᠢ | ᠳᠤᠮᠳᠠᠳᠤ ᠤᠯᠤᠰ ᠯᠤᠭ᠎ᠠ ᠤᠯᠤᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠤᠯᠠᠨ ᠲᠠᠯᠠᠲᠤ ᠦᠵᠡᠯ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠤᠨ ᠵᠣᠷᠢᠯᠲᠠ ᠪᠣᠯᠤᠨ ᠤᠯᠠᠨ ᠤᠯᠤᠰ ᠤᠨ ᠬᠠᠤᠯᠢ ᠶᠢ | ᠬᠠᠮᠲᠤ ᠪᠠᠷ ᠬᠠᠮᠠᠭᠠᠯᠠᠨ᠎ᠠ ᠭᠡᠵᠦ ᠢᠯᠡᠳᠭᠡᠪᠡ᠃ | ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠪᠣᠯᠤᠨ ᠫᠠᠯᠤᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ | ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠶ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠶ ᠰᠠᠨᠠᠯ ᠢᠶᠠᠨ ᠭᠦᠨᠵᠡᠭᠡᠶ | ᠰᠣᠯᠢᠯᠴᠠᠪᠠ᠃ ᠰᠢ ᠶᠢᠨ ᠫᠢᠩ᠂ ᠣᠳᠣᠬᠠᠨ ᠤ ᠳᠡᠯᠡᠬᠡᠢ ᠵᠢᠷᠲᠢᠨᠴᠦ ᠮᠠᠰᠢ ᠲᠠᠶᠢᠪᠤᠩ ᠪᠤᠰᠤ ᠪᠠᠶᠢᠨ᠎ᠠ᠃ ᠳᠤᠮᠳᠠᠳᠤ ᠹᠷᠠᠨᠼᠢ | ᠪᠣᠯ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠬᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ | ᠡᠷᠬᠢᠯᠡᠭᠴᠢ ᠤᠯᠤᠰ ᠮᠥᠨ᠂ ᠬᠠᠯᠠᠮᠰᠢᠯ ᠠᠰᠠᠭᠤᠳᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢᠨ ᠲᠥᠯᠥᠭᠡ ᠦᠭᠡ ᠬᠡᠯᠡᠵᠦ᠂ | ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ ᠳᠡᠯᠡᠬᠡᠢ ᠵᠢᠷᠲᠢᠨᠴᠦ ᠶᠢ ᠪᠦᠳᠦᠭᠡᠨ ᠪᠠᠶᠢᠭᠤᠯᠬᠤ ᠶᠢ | ᠠᠬᠢᠭᠤᠯᠬᠤ ᠶᠢᠨ ᠲᠥᠯᠥᠭᠡ ᠬᠦᠴᠦ ᠪᠠᠨ ᠡᠷᠭᠦᠶ᠎ᠡ᠃ ᠳᠤᠮᠳᠠᠳᠤ ᠤᠯᠤᠰ ᠳᠤᠷᠠᠲᠠᠶ᠎ᠠ ᠹᠷᠠᠨᠼᠢ ᠲᠠᠢ ᠬᠠᠮᠲᠤ ᠪᠠᠷ᠂ | ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠲᠠᠮᠢᠷ ᠤᠨ ᠴᠤᠭᠯᠠᠭᠠᠨ ᠤ | ᠬᠤᠭᠤᠴᠠᠭᠠᠨ ᠳᠤ ᠪᠦᠬᠦ ᠪᠥᠮᠪᠥᠷᠴᠡᠭ ᠤᠨ ᠬᠡᠪᠴᠢᠶᠡᠨ ᠳᠤ ᠲᠠᠶᠢᠨ ᠵᠣᠭᠰᠣᠬᠤ ᠶᠢ ᠰᠠᠨᠠᠭᠠᠴᠢᠯᠠᠨ᠎ᠠ ᠭᠡᠵᠦ ᠵᠢᠭᠠᠵᠤ ᠭᠠᠷᠭᠠᠪᠠ | ᠃ | ᠬᠤᠶᠠᠷ ᠲᠠᠯ᠎ᠠ ᠪᠠᠷ ᠢᠶᠠᠨ ᠳᠤᠮᠳᠠᠳᠤ ᠳᠣᠷᠣᠨᠠᠲᠤ ᠶᠢᠨ ᠪᠠᠶᠢᠳᠠᠯ᠂ ᠵᠣᠬᠢᠶᠠᠮᠠᠯ ᠤᠶᠤᠨ ᠴᠢᠳᠠᠪᠤᠷᠢ ᠪᠣᠯᠤᠨ ᠪᠦᠬᠦ | ᠪᠥᠮᠪᠥᠷᠴᠡᠭ ᠤᠨ ᠵᠠᠰᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠪᠣᠯᠤᠨ ᠲᠠᠯᠠᠢ ᠲᠠᠩᠭᠢᠰ᠂ ᠲᠠᠷᠢᠶᠠᠯᠠᠩ ᠤᠨ | ᠰᠣᠯᠢᠯᠴᠠᠭ᠎ᠠ ᠪᠣᠯᠤᠨ ᠬᠠᠮᠲᠤᠷᠠᠯᠴᠠᠭᠠᠨ ᠤ ᠲᠤᠬᠠᠢ 4 ᠬᠤᠪᠢ ᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠵᠦ᠂ ᠪᠣᠬᠢᠷᠲᠤᠯ | ᠦᠭᠡᠢ ᠬᠥᠭᠵᠢᠯᠲᠡ᠂ ᠠᠭᠠᠷ ᠤᠨ ᠠᠶᠠᠯᠠᠯ᠂ ᠬᠦᠳᠡᠭᠡ ᠠᠵᠤ ᠠᠬᠤᠢ ᠶᠢᠨ ᠢᠳᠡᠭᠡᠨ᠂ ᠬᠤᠳᠠᠯᠳᠤᠭᠠᠨ ᠤ ᠶᠠᠪᠤᠳᠠᠯ᠂ | ᠰᠣᠶᠣᠯ ᠢᠷᠭᠡᠨᠰᠢᠯ ᠵᠡᠷᠭᠡ ᠬᠦᠷᠢᠶᠡᠨ ᠤ 20 ᠰᠢᠬᠠᠮ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ | ᠭᠠᠷ ᠤᠨ ᠦᠰᠦᠭ ᠵᠢᠷᠤᠪᠠ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠰᠢ ᠶᠢᠨ ᠫᠢᠩ ᠪᠣᠯᠤᠨ ᠮᠠᠶᠢᠺᠷᠤᠨ ᠬᠠᠮᠲᠤ ᠪᠠᠷ ᠰᠤᠷᠪᠤᠯᠵᠢᠯᠠᠭᠴᠢᠳ ᠲᠠᠢ | ᠠᠭᠤᠯᠵᠠᠪᠠ᠃ ︵ᠠᠰ ᠲᠤᠨᠢ ᠨᠡᠶᠢᠲᠡᠯᠡᠨ᠎ᠡ︶ | ᠲᠤᠰ ᠤᠷᠤᠢ᠂ ᠮᠠᠶᠢᠺᠷᠤᠨ ᠬᠠᠳᠤᠨ ᠪᠦᠯᠢᠵᠢᠲ ᠲᠠᠢ ᠪᠠᠨ ᠡᠧᠯᠢᠰᠤ ᠣᠷᠳᠣᠨ ᠳᠤ ᠰᠢ ᠶᠢᠨ ᠫᠢᠩ ᠪᠣᠯᠤᠨ ᠫᠧᠩ ᠯᠢ | ᠶᠤᠸᠠᠨ ᠢ ᠤᠭᠲᠤᠬᠤ ᠦᠪᠡᠳᠡᠭᠰᠢ ᠶᠡᠭᠡ ᠳᠠᠶᠢᠯᠠᠯᠭ᠎ᠠ ᠶᠠᠪᠤᠭᠤᠯᠪᠠ᠃ | ᠼᠠᠢ ᠴᠢ᠂ ᠸᠠᠩ ᠢ ᠨᠡᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠫᠠᠷᠢᠰ ᠤᠨ 5 ᠰᠠᠷ᠎ᠠ ᠶᠢᠨ 6 ᠤ ᠴᠠᠬᠢᠯᠭᠠᠨ ᠮᠡᠳᠡᠭᠡ︶ | |