ᠰᠢ ᠶᠢᠨ ᠫᠢᠩ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠳᠡᠭᠡᠳᠦ ᠫᠢᠷᠢᠨ᠋ᠸᠤᠰ ᠮᠤᠵᠢ ᠳᠤ ᠳᠤᠮᠳᠠᠳᠤ ᠹᠷᠠᠨᠼᠢ ᠶᠢᠨ ᠲᠡᠷᠢᠭᠦᠨ ᠤ ᠪᠠᠭ᠎ᠠ ᠬᠡᠪᠴᠢᠶᠡᠨ ᠤ ᠠᠭᠤᠯᠵᠠᠯᠲᠠ ᠬᠢᠪᠠ
ᠨᠡᠶᠢᠲᠡᠯᠡᠭᠰᠡᠨ ᠴᠠᠭ᠄
2024/5/8
   ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7᠎ ᠤ ᠡᠳᠦᠷ᠂ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠤ ᠣᠨᠴᠠᠭᠠᠢ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠭᠡᠯ ᠢᠶᠠᠷ ᠫᠠᠷᠢᠰ ᠠᠴᠠ ᠮᠣᠷᠳᠠᠵᠤ ᠹᠷᠠᠨᠼᠢ ᠶᠢᠨ ᠪᠠᠷᠠᠭᠤᠨ ᠡᠮᠦᠨᠡᠲᠦ ᠬᠡᠰᠡᠭ ᠤᠨ ᠳᠡᠭᠡᠳᠦ ᠫᠢᠷᠢᠨ᠋ᠸᠤᠰ ᠮᠤᠵᠢ ᠳᠤ ᠬᠦᠷᠴᠤ ᠠᠶᠢᠯᠴᠢᠯᠠᠯᠲᠠ ᠬᠢᠪᠡ᠃   ᠮᠠᠶᠢᠺᠷᠤᠨ ᠪᠣᠯᠤᠨ ᠲᠡᠭᠦᠨ ᠤ ᠬᠠᠳᠤᠨ ᠪᠦᠯᠢᠵᠢᠲ ᠤᠷᠢᠳᠴᠢᠯᠠᠨ ᠬᠦᠷᠴᠦ᠂ ᠳᠡᠬᠡᠳᠤ ᠫᠢᠷᠢᠨ᠋ᠸᠥᠰ ᠮᠤᠵᠢ ᠶᠢᠨ ᠳᠠᠷᠤᠭ᠎ᠠ ᠰᠠᠯᠤᠮᠧᠨ ᠵᠡᠷᠭᠡ ᠹᠷᠠᠨᠼᠢ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠥᠯᠥᠭᠡᠯᠡᠭᠴᠢ ᠶᠢ ᠳᠠᠭᠠᠭᠤᠯᠤᠨ ᠲᠠᠷᠪ ᠨᠢᠰᠭᠡᠯ ᠤᠨ ᠪᠠᠭᠤᠳᠠᠯ ᠳᠤ ᠬᠠᠯᠠᠭᠤᠨ ᠢᠶᠠᠷ ᠤᠭᠲᠤᠵᠤ᠂ ᠰᠢ ᠶᠢᠨ ᠫᠢᠩ ᠵᠢᠴᠢ ᠲᠡᠬᠦᠨ ᠤ ᠬᠠᠳᠤᠨ ᠬᠤᠶᠠᠭᠤᠯᠠ ᠶᠢᠨ ᠲᠡᠭᠦᠨ ᠳᠤ ᠣᠨᠴᠠᠭᠠᠢ ᠠᠴᠢ ᠬᠤᠯᠪᠣᠭᠳᠠᠯ ᠪᠦ᠋ᠬᠦᠢ ᠳᠡᠭᠡᠳᠦ ᠫᠢᠷᠢᠨ᠋ᠸᠥᠰ ᠮᠤᠵᠢ ᠳᠤ ᠠᠶᠢᠯᠴᠢᠯᠠᠭᠰᠠᠨ ᠢ ᠪᠠᠶᠠᠷᠯᠠᠨ ᠤᠭᠲᠤᠪᠠ
155.png
   ᠬᠠᠪᠤᠷ ᠵᠣᠨ ᠤ ᠤᠯᠠᠷᠢᠯ ᠤᠨ ᠹᠷᠠᠨᠼᠢ ᠶᠢᠨ ᠡᠮᠤᠨᠡᠳᠤ ᠬᠡᠰᠡᠭ ᠤᠨ ᠠᠭᠤᠯᠠᠷᠬᠠᠭ ᠣᠷᠣᠨ ᠳᠤ ᠴᠠᠰᠤ ᠬᠠᠶᠢᠯᠵᠤ᠂ ᠭᠤᠷᠤᠬ᠎ᠠ ᠭᠤᠷᠴᠢᠭᠢᠨᠠᠨ᠂ ᠠᠭᠤᠯᠠᠨ ᠴᠡᠴᠡᠭ ᠮᠢᠷᠠᠯᠵᠠᠨ ᠳᠡᠯᠭᠡᠷᠡᠵᠦ᠂ ᠡᠪᠡᠰᠦ ᠮᠣᠳᠣ ᠬᠥᠬᠡᠷᠡᠨ ᠨᠣᠭᠤᠭᠠᠷᠠᠨ᠎ᠠ᠃   ᠶᠡᠷᠦᠩᠬᠡᠶᠢᠯᠡᠭᠴᠢ ᠮᠠᠶᠢᠺᠷᠤᠨ ᠪᠣᠯᠤᠨ ᠪᠦᠯᠢᠵᠢᠲ ᠲᠦᠷᠮᠠᠯᠠᠢ ᠠᠭᠤᠯᠠᠨ ᠠᠮᠠ ᠳᠠᠬᠢ ︽ᠬᠤᠨᠢᠴᠢᠨ ᠦᠷᠳᠡᠭᠡ︾᠎ ᠳᠤ ᠰᠢ ᠶᠢᠨ ᠫᠢᠩ ᠪᠣᠯᠤᠨ ᠫᠧᠩ ᠯᠢ ᠶᠤᠸᠠᠨ ᠢ ᠤᠭᠲᠤᠵᠤ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠤᠨ ᠲᠣᠭᠯᠠᠭᠰᠠᠨ ᠡᠮᠦᠨᠡᠲᠦ ᠹᠷᠠᠨᠼᠢ ᠶᠢᠨ ᠬᠡᠪ ᠨᠠᠮᠪᠠ ᠲᠠᠢ ᠬᠤᠨᠢᠴᠢᠨ ᠤ ᠪᠥᠵᠢᠭ ᠢ ᠬᠠᠮᠲᠤ ᠪᠠᠷ ᠰᠣᠨᠢᠷᠬᠠᠭᠰᠠᠨ ᠪᠥᠭᠡᠳ ᠲᠡᠳᠡᠨ ᠲᠠᠢ ᠳᠣᠲᠣᠨᠣ ᠪᠠᠷ ᠬᠠᠮᠲᠤ ᠬᠡᠷᠡᠯ ᠵᠢᠷᠤᠬ ᠲᠠᠲᠠᠭᠤᠯᠪᠠ᠃
156.png
   ᠥᠷᠲᠡᠭᠡᠨ ᠤ ᠮᠣᠳᠣᠨ ᠭᠡᠷ ᠤᠨ ᠭᠠᠳᠠᠨ᠎ᠠ᠂ ᠬᠠᠪᠤᠷ ᠤᠨ ᠴᠠᠰᠤ ᠯᠠᠪᠰᠠᠯᠠᠵᠤ᠂ ᠡᠭᠦᠯᠡ ᠴᠠᠶᠢᠷᠠᠵᠤ ᠤᠰᠤ ᠴᠡᠯᠡᠶᠢᠨ ᠬᠠᠷᠠᠬᠳᠠᠨ᠎ᠠ᠃ ᠬᠤᠶᠠᠷ ᠤᠯᠤᠰ ᠤᠨ ᠲᠡᠷᠢᠭᠦᠨ ᠬᠠᠳᠤᠨ ᠲᠠᠢ ᠪᠠᠨ ᠴᠣᠩᠬᠤ ᠬᠠᠪᠢᠳᠠᠨ ᠰᠠᠭᠤᠵᠤ᠂ ᠠᠭᠤᠯᠠ ᠬᠠᠶᠢᠷᠬᠠᠨ ᠢ ᠪᠠᠷᠠᠯᠠᠨ᠂ ᠲᠤᠬᠠᠢ ᠶᠢᠨ ᠭᠠᠵᠠᠷ ᠤᠨ ᠣᠨᠴᠠᠯᠢᠭᠳᠤ ᠢᠳᠡᠬᠡᠨ ᠢ ᠠᠮᠲᠠᠯᠠᠵᠤ᠂ ᠳᠡᠯᠡᠬᠡᠢ ᠳ᠋ᠠᠬᠢᠨ ᠤ ᠨᠠᠷᠢᠨ ᠪᠤᠳᠤᠯᠢᠶᠠᠨᠲᠠᠢ ᠬᠤᠪᠢᠷᠠᠯ ᠪᠠ ᠠᠵᠠ ᠲᠤᠬᠢᠶᠠᠯ ᠤᠨ ᠲᠤᠬᠠᠢ ᠶᠠᠷᠢᠯᠴᠠᠵᠤ᠂ ᠪᠠᠶᠠᠷ ᠬᠦᠷ ᠲᠠᠢ ᠠᠭᠤᠷ ᠠᠮᠢᠰᠬᠤᠯ ᠤᠨ ᠳᠤᠮᠳᠠ ᠵᠠᠷᠢᠮ ᠴᠢᠬᠤᠯᠠ ᠠᠰᠠᠭᠤᠳᠠᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠬᠢᠵᠡᠢ᠃
157.png
   ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠪᠣᠯ ᠳᠡᠯᠡᠬᠡᠢ ᠳᠡᠭᠡᠷᠡᠬᠢ ᠴᠤᠷ ᠤᠨ ᠭᠠᠭᠴᠠ 5000 ᠭᠠᠷᠤᠢ ᠵᠢᠯ ᠦᠷᠭᠦᠯᠵᠢᠯᠡᠭᠰᠡᠨ ᠪᠥᠭᠡᠳ ᠶᠡᠷᠦ ᠠᠴᠠ ᠲᠠᠰᠤᠯᠳᠠᠭ᠎ᠠ ᠦᠭᠡᠢ ᠥᠨᠢ ᠤᠳᠠᠭᠠᠨ ᠤ ᠪᠣᠯᠪᠠᠰᠤᠨ ᠮᠥᠨ᠃ ᠶᠠᠭ ᠡᠶᠢᠮᠦ ᠤᠴᠢᠷ ᠠᠴᠠ᠂ ᠳᠤᠮᠳᠠᠳᠤᠴᠤᠳ ᠮᠠᠰᠢ ᠴᠢᠩᠭ᠎ᠠ ᠤᠯᠤᠰ ᠣᠷᠣᠨ ᠤ ᠣᠶᠢᠯᠠᠭᠠᠭᠳᠠᠬᠤᠨ ᠲᠠᠢ ᠪᠠᠶᠢᠵᠥ᠂ ᠢᠯᠠᠩᠭᠤᠶ᠎ᠠ ᠤᠯᠤᠰ ᠣᠷᠣᠨ ᠤ ᠨᠢᠭᠡᠳᠦᠯ ᠢ ᠴᠢᠬᠤᠯᠠᠴᠢᠯᠠᠨ ᠨᠠᠨᠳᠢᠩᠨᠠᠳᠠᠭ᠃ ᠮᠠᠰᠢ ᠤᠯᠠᠨ ᠳᠤᠮᠳᠠᠳᠤ ᠶᠢᠨ ᠬᠠᠷᠢᠶᠠᠲᠤ ᠭᠠᠳᠠᠭᠠᠳᠤ ᠳᠤ ᠤᠯᠠᠨ ᠵᠢᠯ ᠠᠮᠢᠳᠤᠷᠠᠭᠰᠠᠨ ᠪᠣᠯᠪᠠᠴᠤ ᠮᠥᠨ ᠯᠡ ᠭᠦᠨ ᠵᠤᠵᠠᠭᠠᠨ ᠡᠭᠡ ᠣᠷᠣᠨᠴᠢ ᠬᠠᠶᠢᠷ᠎ᠠ ᠰᠡᠳᠭᠢᠯᠭᠡ ᠲᠠᠢ ᠪᠠᠶᠢᠵᠤ᠂ ᠡᠭᠡ ᠣᠷᠣᠨ ᠤ ᠪᠠᠨ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ ᠪᠠᠶᠢᠭ᠎ᠠ ᠳᠤ ᠦᠨᠡᠨ ᠰᠡᠳᠭᠢᠯ ᠠᠴᠠ ᠪᠠᠨ ᠣᠮᠣᠭᠰᠢᠳᠠᠬ᠃ ᠪᠢ ᠭᠠᠳᠠᠭᠠᠳᠤ ᠳᠤ ᠠᠶᠢᠯᠴᠢᠯᠠᠬᠤ ᠬᠤᠭᠤᠴᠠᠭᠠᠨ ᠳᠠᠭᠠᠨ ᠮᠠᠰᠢ ᠤᠯᠠᠨ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠵᠠᠮ ᠵᠠᠭᠤᠷ᠎ᠠ ᠪᠠᠶᠠᠷᠯᠠᠨ ᠤᠭᠲᠤᠬᠤ ᠪᠠᠷ ᠬᠦᠯᠢᠶᠡᠵᠦ ᠪᠠᠶᠢᠬᠤ ᠶᠢ ᠦᠷᠭᠦᠯᠵᠢ ᠣᠯᠵᠤ ᠬᠠᠷᠠᠳᠠᠭ᠃ ᠤᠳᠤ ᠳᠤᠮᠳᠠᠳᠤ ᠤᠯᠤᠰ ᠨᠢᠭᠡᠨᠲᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠪᠡ᠂ ᠳᠤᠮᠳᠠᠳᠤ ᠤᠯᠤᠰ ᠤᠨ ᠠᠷᠠᠳ ᠲᠦᠮᠡᠨ ᠦᠷᠭᠦᠯᠵᠢᠯᠡᠨ ᠲᠡᠮᠡᠴᠡᠬᠦ ᠪᠠᠷ ᠳᠠᠮᠵᠢᠵᠦ ᠳᠤᠮᠳᠠᠳᠤ ᠤᠯᠤᠰ ᠯᠠᠪᠲᠠᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠪᠣᠯᠤᠨ ᠹᠷᠠᠨᠼᠢ ᠬᠡᠳᠦ᠋ᠪᠡᠷ ᠳᠣᠷᠣᠨᠠᠳᠠᠬᠢᠨ ᠥᠷᠥᠨᠡᠳᠠᠬᠢᠨ ᠤ ᠪᠣᠯᠪᠠᠰᠤᠨ ᠳᠤ ᠲᠤᠰ ᠲᠤᠰ ᠬᠠᠷᠢᠶᠠᠯᠠᠭᠳᠠᠵᠤ᠂ ᠦᠷᠳᠡᠭ ᠤᠨ ᠣᠶᠢᠯᠠᠭᠠᠭᠳᠠᠬᠤᠨ᠂ ᠨᠡᠶᠢᠭᠡᠮ ᠤᠨ ᠪᠠᠶᠢᠭᠤᠯᠤᠯ ᠨᠢ ᠠᠳᠠᠯᠢ ᠦᠭᠡᠢ ᠪᠤᠯᠪᠠᠴᠤ ᠴᠦᠮ ᠪᠣᠯᠪᠠᠰᠤᠨ ᠤ ᠰᠣᠯᠢᠯᠴᠠᠭ᠎ᠠ ᠬᠠᠷᠢᠯᠴᠠᠨ ᠲᠣᠯᠢᠳᠠᠯ ᠢ ᠴᠢᠬᠤᠯᠠᠴᠢᠯᠠᠳᠠᠭ᠃ ᠬᠤᠶᠠᠷ ᠲᠠᠯ᠎ᠠ ᠪᠠᠷ ᠢᠶᠠᠨ ᠡᠶ᠎ᠡ ᠡᠪᠳᠡᠢ ᠪᠤᠯᠪᠠᠴᠤ ᠠᠳᠠᠯᠢ ᠪᠤᠰᠤ ᠪᠠᠶᠢᠵᠤ ᠪᠣᠯᠤᠨ᠎ᠠ᠂ ᠶᠠᠷᠢᠯᠴᠠᠭ᠎ᠠ ᠬᠠᠮᠲᠤᠷᠠᠯᠴᠠᠭ᠎ᠠ ᠪᠠᠷ ᠳᠠᠮᠵᠢᠭᠤᠯᠤᠨ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠵᠢᠴᠢ ᠬᠥᠮᠦᠨ ᠲᠥᠷᠥᠯᠬᠢᠲᠡᠨ ᠤ ᠲᠠᠪᠰᠢᠯᠳᠠ ᠳᠤ ᠰᠢᠨ᠎ᠡ ᠬᠤᠪᠢ ᠨᠡᠮᠡᠷᠢ ᠦᠵᠡᠭᠦᠯᠵᠦ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠹᠷᠠᠨᠼᠢ ᠪᠣᠯᠤᠨ ᠧᠦ᠋ᠷᠣᠫᠠ ᠲᠢᠪ ᠯᠦᠭᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠬᠠᠷᠢᠯᠴᠠᠨ ᠵᠥᠪ ᠲᠠᠨᠢᠯᠲᠠ ᠪᠠᠨ ᠨᠡᠮᠡᠭᠳᠡᠭᠦᠯᠵᠦ᠂ ᠳᠤᠮᠳᠠᠳᠤ ᠹᠷᠠᠨᠼᠢ᠂ ᠳᠤᠮᠳᠠᠳᠤ ᠧᠦ᠋ᠷᠣᠫᠠ ᠶᠢᠨ ᠠᠷᠠᠳ ᠲᠦᠮᠡᠨ ᠤ ᠨᠥᠬᠦᠷᠯᠡᠯ ᠤᠨ ᠦᠯᠢᠭᠡᠷ ᠢ ᠰᠠᠶᠢᠲᠤᠷ ᠪᠠᠬᠢᠵᠢᠭᠦᠯᠵᠦ ᠰᠠᠶᠢᠲᠤᠷ ᠤᠯᠠᠮᠵᠢᠯᠠᠨ᠎ᠠ ᠭᠡᠵᠦ ᠵᠢᠭᠠᠵᠤ ᠭᠠᠷᠭᠠᠪᠠ᠃   ᠮᠠᠶᠢᠺᠷᠤᠨ᠂ ᠨᠢᠳᠤᠨᠤᠨ ᠤ ᠳᠤᠮᠳᠠᠳᠤ ᠤᠯᠤᠰ ᠲᠠᠬᠢ ᠠᠶᠢᠯᠴᠢᠯᠠᠯᠳᠠ᠂ ᠣᠨᠴᠠᠭᠠᠶᠢᠯᠠᠨ ᠭᠤᠸᠠᠩᠵᠧᠦ ᠶᠢᠨ ᠰᠦᠩ ᠶᠤᠸᠠᠨ ᠳᠠᠬᠢ ᠠᠭᠤᠯᠵᠠᠯᠲᠠ ᠨᠢ ᠨᠠᠳᠠ ᠳᠤ ᠭᠦᠨ ᠭᠦᠨᠵᠡᠭᠡᠢ ᠰᠠᠶᠢᠨ ᠰᠠᠶᠢᠬᠠᠨ ᠰᠠᠭᠤᠭᠳᠠᠯ ᠦᠯᠡᠳᠡᠭᠡᠵᠡᠢ᠃ ᠲᠡᠷᠢᠭᠦᠯᠡᠭᠴᠢ ᠠᠪᠤᠭᠠᠢ ᠯᠤᠭ᠎ᠠ ᠶᠢᠨ ᠭᠦᠨᠵᠡᠭᠡᠢ ᠰᠣᠯᠢᠯᠴᠠᠭ᠎ᠠ ᠪᠠᠷ ᠳᠠᠮᠵᠢᠨ᠂ ᠪᠢ ᠳᠤᠮᠳᠠᠳᠤ ᠤᠯᠤᠰ ᠤᠨ ᠲᠡᠦᠬᠡ᠂ ᠰᠣᠶᠣᠯ᠂ ᠣᠶᠢᠯᠠᠭᠠᠭᠳᠠᠬᠤᠨ ᠪᠣᠯᠤᠨ ᠬᠥᠭᠵᠢᠯᠲᠡ ᠶᠢᠨ ᠶᠠᠪᠤᠴᠠ ᠶᠢ ᠴᠢᠨᠠᠭᠰᠢᠳᠠ ᠣᠶᠢᠯᠠᠭᠠᠵᠤ᠂ ᠳᠤᠮᠳᠠᠳᠤ ᠤᠯᠤᠰ ᠤᠨ ᠴᠢᠬᠤᠯᠠ ᠠᠰᠠᠭᠤᠳᠠᠯ ᠳᠡᠭᠡᠷᠡᠬᠢ ᠵᠣᠭᠰᠣᠯᠲᠠ ᠶᠢᠨ ᠲᠤᠬᠠᠢ ᠲᠠᠨᠢᠯᠲᠠ ᠭᠦᠨᠵᠡᠭᠡᠶᠢᠷᠡᠪᠡ᠃ ᠣᠳᠣᠬᠠᠨ ᠤ ᠳᠡᠯᠡᠬᠡᠢ ᠶᠢᠨ ᠪᠠᠶᠢᠳᠠᠯ ᠲᠤᠬᠳᠠᠭᠠᠯᠳᠤ ᠪᠤᠰᠤ ᠴᠢᠨᠠᠷ ᠢᠶᠠᠷ ᠳᠦᠭᠦᠷᠴᠦ᠂ ᠧᠦ᠋ᠷᠣᠫᠠ ᠲᠢᠪ ᠪᠠᠶᠢᠯᠳᠤᠬᠤ ᠪᠤᠳᠤᠯᠭ᠎ᠠ ᠶᠢᠨ ᠪᠡᠶ᠎ᠡ ᠪᠠᠨ ᠳᠠᠭᠠᠭᠠᠬᠤ ᠪᠠ ᠪᠦᠯᠬᠦᠮᠳᠡᠨ ᠨᠢᠭᠡᠳᠬᠦ ᠶᠢ ᠪᠠᠲᠤᠯᠠᠬᠤ ᠨᠢ ᠲᠦᠢᠯ ᠤᠨ ᠴᠢᠬᠤᠯᠠ ᠶᠤᠮ᠂ ᠧᠦ᠋ᠷᠣᠫᠠ ᠲᠢᠪ ᠪᠣᠯᠤᠨ ᠳᠤᠮᠳᠠᠳᠤ ᠤᠯᠤᠰ ᠰᠠᠶᠢᠨ ᠰᠠᠶᠢᠬᠠᠨ ᠬᠠᠷᠢᠯᠴᠠᠭ᠎ᠠ ᠪᠠᠨ ᠬᠥᠭᠵᠢᠭᠦᠯᠵᠦ᠂ ᠬᠤᠶᠠᠷ ᠲᠠᠯ᠎ᠠ ᠪᠠ ᠤᠯᠠᠨ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠴᠦ ᠲᠦᠢᠯ ᠤᠨ ᠴᠢᠬᠤᠯᠠ ᠶᠤᠮ᠃ ᠹᠷᠠᠨᠼᠢ ᠳᠤᠮᠳᠠᠳᠤ ᠪᠣᠯ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠪᠣᠯᠤᠨ᠎ᠠ᠃ ᠪᠢ ᠲᠡᠷᠢᠭᠦᠯᠡᠭᠴᠢ ᠰᠢ ᠶᠢᠨ ᠫᠢᠩ ᠯᠦᠭᠡ ᠶᠢᠨ ᠨᠢᠭᠲᠠ ᠤᠯᠤᠯᠴᠠᠭ᠎ᠠ ᠪᠠᠨ ᠪᠠᠲᠤᠯᠠᠵᠤ᠂ ᠧᠦ᠋ᠷᠣᠫᠠ ᠲᠢᠪ ᠪᠣᠯᠤᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃   ᠰᠢ ᠶᠢᠨ ᠫᠢᠩ ᠶᠡᠷᠦᠩᠬᠡᠶᠢᠯᠡᠭᠴᠢ ᠮᠠᠶᠢᠺᠷᠤᠨ ᠪᠣᠯᠤᠨ ᠲᠡᠭᠦᠨ ᠤ ᠬᠠᠳᠤᠨ ᠤ ᠬᠠᠯᠠᠭᠤᠮᠰᠤᠭ ᠤᠷᠢᠯᠭ᠎ᠠ ᠪᠣᠯᠤᠨ ᠨᠢᠮᠪᠠᠢ ᠲᠤᠬᠢᠷᠠᠭᠤᠯᠤᠯᠳᠠ ᠳᠤ ᠲᠠᠯᠠᠷᠬᠠᠵᠤ᠂ ᠡᠨᠡ ᠡᠳᠦᠷ ᠪᠢ ᠬᠠᠳᠤᠨ ᠲᠠᠢ ᠪᠠᠨ ᠶᠡᠷᠦᠩᠬᠡᠶᠢᠯᠡᠭᠴᠢ ᠮᠠᠶᠢᠺᠷᠤᠨ ᠪᠣᠯᠤᠨ ᠲᠡᠭᠦᠨ ᠤ ᠬᠠᠳᠤᠨ ᠲᠠᠢ ᠬᠠᠮᠲᠤ ᠮᠠᠷᠲᠠᠭᠳᠠᠰᠢ ᠦᠭᠡᠢ ᠰᠠᠶᠢᠨ ᠰᠠᠶᠢᠬᠠᠨ ᠴᠠᠭ ᠮᠥᠴᠡ ᠶᠢ ᠥᠩᠭᠡᠷᠡᠭᠦᠯᠵᠡᠢ᠃ ᠪᠢ ᠶᠡᠷᠦᠩᠬᠡᠶᠢᠯᠡᠭᠴᠢ ᠮᠠᠶᠢᠺᠷᠤᠨ ᠲᠠᠢ ᠪᠠᠶᠢᠩᠭᠤ ᠶᠢᠨ ᠴᠢᠨᠠᠷᠲᠠᠢ ᠪᠠᠷ ᠶᠠᠪᠤᠯᠴᠠᠵᠤ᠂ ᠬᠠᠮᠲᠤ ᠪᠠᠷ ᠴᠢᠷᠮᠠᠶᠢᠵᠤ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠣᠯᠤᠨ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠬᠦᠳᠦᠯᠥᠨ ᠳᠠᠭᠠᠭᠤᠯᠵᠤ᠂ ᠡᠨᠡ ᠬᠦ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠵᠢᠷᠲᠢᠨᠴᠦ ᠳᠤ ᠨᠡᠩ ᠤᠯᠠᠨ ᠲᠣᠭᠲᠠᠭᠤᠨ ᠴᠢᠨᠠᠷ ᠪᠣᠯᠤᠨ ᠢᠳᠡᠪᠬᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠶᠡᠷᠦᠩᠬᠡᠶᠢᠯᠡᠭᠴᠢ ᠮᠠᠶᠢᠺᠷᠤᠨ ᠤ ᠵᠠᠪ ᠴᠢᠯᠦᠭᠡ ᠪᠠᠷ ᠢᠶᠠᠨ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ᠃   ᠠᠶᠠᠷᠯᠠᠬᠤ ᠦᠶ᠎ᠡ ᠳᠤ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠬᠤᠨᠢᠴᠢᠨ ᠤ ᠳᠠᠭᠤᠤ ᠶᠢ ᠳᠠᠭᠤᠯᠠᠵᠤ᠂ ᠰᠢ ᠶᠢᠨ ᠫᠢᠩ ᠪᠣᠯᠤᠨ ᠫᠧᠩ ᠯᠢ ᠶᠤᠸᠠᠨ ᠤ ᠠᠶᠢᠯᠴᠢᠯᠠᠨ ᠢᠷᠡᠭᠰᠡᠨ ᠳᠤ ᠲᠠᠯᠠᠷᠬᠠᠬᠤ ᠶᠢᠨ ᠬᠠᠮᠲᠤ ᠲᠡᠳᠡᠨ ᠤ ᠲᠠᠬᠢᠨᠳᠠ ᠠᠶᠢᠯᠴᠢᠯᠠᠬᠤ ᠶᠢ ᠬᠠᠯᠠᠭᠤᠨ ᠢᠶᠠᠷ ᠤᠷᠢᠪᠠ᠃   ᠰᠢ ᠶᠢᠨ ᠫᠢᠩ᠂ ᠠᠳᠡᠬᠢ ᠦᠵᠡᠰᠭᠦᠯᠡᠩᠲᠦ ᠰᠠᠶᠢᠬᠠᠨ ᠦᠩᠬᠡ ᠦᠵᠡᠮᠵᠢ ᠪᠣᠯᠤᠨ ᠤᠨᠴᠠᠯᠢᠬᠳᠤ ᠠᠮᠲᠠᠲᠤ ᠢᠳᠡᠭᠡᠨ ᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ ᠹᠷᠠᠨᠼᠢ ᠶᠢᠨ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠠᠷᠠᠳ ᠲᠦᠮᠡᠨ ᠤ ᠭᠡᠷ ᠲᠤ ᠤᠷᠤᠬᠤ ᠶᠢ ᠪᠠᠶᠠᠷᠯᠠᠨ ᠤᠭᠲᠤᠬᠤ ᠪᠥᠭᠡᠳ ᠹᠷᠠᠨᠼᠢ ᠶᠢᠨ ᠨᠡᠩ ᠤᠯᠠᠨ ᠨᠥᠬᠦᠷᠰᠡᠭ ᠠᠷᠠᠳ ᠲᠦᠮᠡᠨ ᠤ ᠳᠤᠮᠳᠠᠳᠤ ᠤᠯᠤᠰ ᠲᠤ ᠬᠦᠷᠴᠦ ᠲᠣᠭᠤᠷᠢᠨ ᠦᠵᠡᠵᠦ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠬᠡᠯᠡᠪᠡ᠃   ᠮᠠᠶᠢᠺᠷᠤᠨ ᠪᠣᠯᠤᠨ ᠪᠦᠯᠢᠵᠢᠲ ᠬᠤᠶᠠᠭᠤᠯᠠ ᠰᠢ ᠶᠢᠨ ᠫᠢᠩ ᠪᠣᠯᠤᠨ ᠫᠧᠩ ᠯᠢ ᠶᠤᠸᠠᠨ ᠳᠤ ᠪᠠᠷ᠎ᠠ ᠪᠤᠯᠵᠦ ᠲᠦᠷᠮᠠᠯᠠᠢ ᠠᠭᠤᠯᠠᠨ ᠠᠮᠠ ᠠᠴᠠ ᠰᠠᠯᠵᠤ ᠲᠠᠷᠪ ᠲᠤ ᠪᠤᠴᠠᠬᠤ ᠶᠢᠨ ᠬᠠᠮᠲᠤ ᠨᠢᠰᠭᠡᠯ ᠤᠨ ᠪᠠᠭᠤᠳᠠᠯ ᠳᠤ ᠦᠳᠡᠨ ᠮᠣᠷᠳᠠᠭᠤᠯᠬᠤ ᠶᠣᠰᠣᠯᠠᠯ ᠶᠠᠪᠤᠭᠤᠯᠪᠠ᠃ ᠬᠤᠶᠠᠷ ᠤᠯᠤᠰ ᠤᠨ ᠲᠡᠷᠢᠭᠦᠨ ᠪᠡᠭᠡᠵᠢᠩ ᠳᠤ ᠠᠭᠤᠯᠵᠠᠬᠤ ᠪᠠᠷ ᠪᠣᠯᠵᠣᠪᠠ᠃   ᠲᠤᠰ ᠤᠷᠤᠢ᠂ ᠰᠢ ᠶᠢᠨ ᠫᠢᠩ ᠲᠤᠰᠬᠠᠢ ᠨᠢᠰᠭᠡᠯ ᠢᠶᠠᠷ ᠹᠷᠠᠨᠼᠢ ᠠᠴᠠ ᠮᠣᠷᠳᠠᠵᠤ ᠪᠧᠯᠭᠷᠡᠳ᠋ ᠲᠤ ᠬᠦᠷᠴᠦ᠂ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠶᠢᠨ ᠤᠷᠢᠯᠭ᠎ᠠ ᠪᠠᠷ ᠰᠧᠷᠪᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ᠃   ︵ᠰᠢᠨᠬᠤᠸᠠ ᠬᠤᠷᠢᠶ᠎ᠠ ᠶᠢᠨ ᠹᠷᠠᠨᠼᠢ ᠶᠢᠨ ᠲᠠᠷᠪ ᠤᠨ 5 ᠰᠠᠷ᠎ᠠ ᠶᠢᠨ 7᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号