ᠰᠢ ᠶᠢᠨ ᠫᠢᠩ ᠰᠧᠷᠪᠢᠶ᠎ᠠ ᠶᠢᠨ ᠵᠠᠭᠤᠴᠢᠯᠠᠭᠤᠷ ᠲᠤ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ
ᠨᠡᠶᠢᠲᠡᠯᠡᠭᠰᠡᠨ ᠴᠠᠭ᠄
2024/5/8
   5 ᠰᠠᠷ᠎ᠠ ᠶᠢᠨ 7 ᠤ ᠡᠳᠦᠷ᠂ ᠪᠧᠯᠭᠷᠡᠳ᠋ ᠲᠤ ᠬᠦᠷᠴᠦ ᠰᠤᠷᠪᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠧᠷᠪᠢᠶ᠎ᠠ ᠶᠢᠨ ︽ᠤᠯᠤᠰ ᠲᠦᠷᠦ ᠰᠣᠨᠢᠨ︾ ᠳᠤ ︽ᠦᠨᠡᠨᠴᠢ ᠨᠥᠬᠦᠷᠯᠡᠯ ᠤᠨ ᠭᠡᠷᠡᠯᠳᠤ ᠴᠠᠮᠬᠠᠭ ᠢᠶᠠᠷ ᠳᠤᠮᠳᠠᠳᠤ ᠰᠤᠷᠪᠢᠶ᠎ᠠ ᠶᠢᠨ ᠬᠠᠮᠲᠤᠷᠠᠯᠴᠠᠭᠠᠨ ᠤ ᠵᠠᠮ ᠢ ᠭᠡᠷᠡᠯᠲᠦᠭᠦᠯᠦᠶ᠎ᠡ︾ ᠭᠡᠬᠦ ᠰᠡᠳᠦᠪ ᠲᠠᠢ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠬᠦ ᠠᠭᠤᠯᠭ᠎ᠠ ᠨᠢ ᠳᠣᠣᠷᠠᠬᠢ ᠮᠡᠲᠦ᠄   ᠦᠨᠡᠨᠴᠢ ᠨᠥᠬᠦᠷᠯᠡᠯ ᠤᠨ ᠬᠡᠷᠡᠯᠳᠤ ᠴᠠᠮᠬᠠᠭ ᠢᠶᠠᠷ ᠳᠤᠮᠳᠠᠳᠤ ᠰᠤᠷᠪᠢᠶ᠎ᠠ ᠶᠢᠨ ᠬᠠᠮᠲᠤᠷᠠᠯᠴᠠᠭᠠᠨ ᠤ ᠵᠠᠮ ᠢ ᠭᠡᠷᠡᠯᠲᠦᠭᠦᠯᠦᠶ᠎ᠡ   ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩᠵᠤᠨ ᠤ ᠡᠬᠢᠨ ᠢᠶᠠᠷ ᠲᠦᠮᠡᠨ ᠪᠣᠳᠠᠰ ᠠᠮᠢᠯᠠᠯ᠎ᠠ᠃ ᠡᠨᠡ ᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠴᠠᠭ ᠮᠦᠴᠡ ᠳᠤ᠂ ᠶᠡᠷᠦᠩᠬᠡᠶᠢᠯᠡᠭᠴᠢ ᠠᠯᠧᠶᠢᠺᠰᠠᠨᠳᠤᠷ · ᠥᠴᠢᠴᠢ ᠶᠢᠨ ᠤᠷᠢᠯᠭ᠎ᠠ ᠪᠠᠷ᠂ ᠪᠢ ᠤᠳᠠᠯ ᠦᠭᠡᠢ ᠪᠦᠬᠦᠳᠠ ᠨᠠᠶᠢᠷᠠᠮᠳᠠᠬᠤ ᠰᠤᠷᠪᠢᠶ᠎ᠠ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠤᠯᠤᠨ᠎ᠠ᠃ ᠡᠨᠡ ᠪᠣᠯ ᠮᠢᠨᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠬᠤᠶᠠᠳᠠᠬᠢ ᠤᠳᠠᠭ᠎ᠠ ᠰᠧᠷᠪᠢᠶ᠎ᠠ ᠶᠢᠨ ᠡᠨᠡ ᠬᠦ ᠦᠵᠡᠰᠭᠦᠯᠡᠩᠲᠦ ᠰᠠᠶᠢᠬᠠᠨ ᠳᠣᠮᠣᠭᠲᠤ ᠨᠤᠲᠤᠭ ᠢᠶᠠᠷ ᠠᠶᠢᠯᠴᠢᠯᠠᠵᠤ ᠪᠠᠶᠢᠭ᠎ᠠ ᠶᠠᠪᠤᠳᠠᠯ ᠪᠣᠯᠤᠨ᠎ᠠ᠃ 8 ᠵᠢᠯ ᠤᠨ ᠡᠮᠦᠨ᠎ᠡ ᠰᠧᠷᠪᠢᠶ᠎ᠠ ᠳᠤ ᠠᠶᠢᠯᠴᠢᠯᠠᠯᠲᠠ ᠬᠢᠭᠰᠡᠨ ᠰᠠᠶᠢᠨ ᠰᠠᠶᠢᠬᠠᠨ ᠪᠠᠶᠢᠳᠠᠯ ᠨᠢ ᠮᠥᠨ ᠬᠦ ᠨᠢᠳᠦᠨ ᠳᠤ ᠳᠤᠳᠤᠷᠠᠵᠥ᠂ 8 ᠵᠢᠯ ᠤᠨ ᠲᠤᠷᠰᠢ ᠬᠤᠶᠠᠷ ᠲᠠᠯ᠎ᠠ ᠶᠢᠨ ᠨᠢᠭᠲᠠ ᠬᠠᠮᠲᠤᠷᠠᠯᠴᠠᠭ᠎ᠠ ᠨᠢᠭᠡᠨᠲᠡ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ᠶᠡᠷᠦᠩᠬᠡᠶᠢᠯᠡᠭᠴᠢ ᠥᠴᠢᠴᠢ ᠵᠡᠷᠭᠡ ᠰᠧᠷᠪᠢᠶ᠎ᠠ ᠶᠢᠨ ᠤᠳᠤᠷᠢᠳᠬᠤ ᠬᠥᠮᠦᠰ ᠪᠣᠯᠤᠨ ᠨᠠᠶᠢᠵᠠ ᠨᠠᠷ ᠲᠠᠢ ᠳᠠᠬᠢᠨᠲᠠ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠳᠡᠯᠴᠡᠵᠦ᠂ ᠳᠤᠮᠳᠠᠳᠤ ᠰᠤᠷᠪᠢᠶ᠎ᠠ ᠶᠢᠨ ᠦᠨᠡᠨᠴᠢ ᠨᠥᠬᠦᠷᠯᠡᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠪᠢ ᠬᠦᠰᠡᠵᠦ ᠪᠠᠶᠢᠨ᠎ᠠ᠃   ᠳᠤᠮᠳᠠᠳᠤ ᠤᠯᠤᠰ ᠪᠣᠯᠤᠨ ᠰᠧᠷᠪᠢᠶ᠎ᠠ ᠠᠯᠤᠰ ᠬᠤᠯᠠ ᠵᠠᠶᠢᠲᠠᠢ ᠪᠠᠶᠢᠭ᠎ᠠ ᠪᠣᠯᠪᠠᠴᠤ ᠬᠤᠶᠠᠷ ᠤᠯᠤᠰ ᠤᠨ ᠠᠷᠠᠳ ᠲᠦᠮᠡᠨ ᠢᠮᠠᠭᠲᠠ ᠰᠡᠳᠭᠢᠯ ᠤᠨ ᠬᠤᠯᠪᠤᠭᠠᠳᠠᠢ ᠪᠠᠶᠢᠳᠠᠭ᠃ ᠳᠡᠭᠡᠷ᠎ᠡ ᠵᠠᠭᠤᠨ ᠤ ᠹᠠᠱᠢᠰ ᠢ ᠡᠰᠡᠷᠭᠦᠴᠡᠬᠦ ᠲᠠᠶᠢᠨ ᠤ ᠭᠠᠯ ᠳᠦᠷᠡᠯᠵᠡᠭᠰᠡᠨ ᠣᠨ ᠰᠠᠷ᠎ᠠ ᠪᠣᠯᠤᠨ ᠤᠯᠤᠰ ᠤᠨ ᠪᠦᠳᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠬᠤᠶᠠᠷ ᠤᠯᠤᠰ ᠤᠨ ᠠᠷᠠᠳ ᠲᠦᠮᠡᠨ ᠴᠠᠭ ᠬᠤᠭᠤᠴᠠᠭ᠎ᠠ ᠣᠷᠣᠨ ᠵᠠᠢ ᠶᠢ ᠠᠯᠤᠰᠯᠠᠭᠰᠠᠨ ᠭᠦᠨ ᠵᠤᠵᠠᠭᠠᠨ ᠨᠥᠬᠦᠷᠰᠡᠭ ᠬᠠᠶᠢᠷ᠎ᠠ ᠰᠡᠳᠭᠢᠯᠭᠡ ᠲᠠᠢ ᠪᠣᠯᠵᠠᠢ᠃ ᠣᠳᠣᠬᠠᠨ ᠤ ᠳᠡᠯᠡᠬᠡᠢ ᠵᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤᠮᠳᠠ᠂ ᠬᠤᠶᠠᠷ ᠲᠠᠯ᠎ᠠ ᠶᠢᠨ ᠬᠠᠷᠢᠯᠴᠠᠨ ᠳᠡᠮᠵᠢᠯᠴᠡᠭᠡ ᠨᠡᠩ ᠡᠷᠡᠰ ᠪᠠᠲᠤ ᠪᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠡᠩ ᠨᠢᠭᠲᠠᠷᠠᠵᠤ᠂ ᠰᠣᠯᠢᠯᠴᠠᠭ᠎ᠠ ᠲᠤᠯᠢᠳᠠᠯ ᠨᠡᠩ ᠭᠦᠨᠵᠡᠭᠡᠶᠢᠷᠡᠪᠡ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠰᠤᠷᠪᠢᠶ᠎ᠠ ᠪᠤᠯ ᠢᠮᠠᠭᠲᠠ ᠵᠢᠩᠬᠢᠨᠢ ᠨᠠᠶᠢᠵᠠ᠂ ᠰᠠᠶᠢᠨ ᠬᠠᠨᠢᠲᠠᠨ ᠮᠥᠨ᠃ ᠪᠢᠳᠡᠨ ᠤ ᠦᠨᠡᠨᠴᠢ ᠨᠥᠬᠦᠷᠯᠡᠯ ᠶᠠᠪᠤᠬᠤ ᠲᠤᠳᠤᠮ ᠪᠠᠲᠤᠵᠢᠵᠤ᠂ ᠤᠯᠤᠰ ᠪᠣᠯᠤᠨ ᠠᠷᠠᠳ ᠲᠦᠮᠡᠨ ᠤ ᠶᠠᠪᠤᠯᠴᠠᠭ᠎ᠠ ᠶᠢᠨ ᠬᠡᠪ ᠳᠠᠭᠤᠷᠢᠶᠠᠯ ᠪᠣᠯᠪᠠ᠃   ᠪᠢᠳᠡ ᠬᠠᠷᠢᠯᠴᠠᠨ ᠬᠦᠨᠳᠦᠳᠭᠡᠵᠦ ᠬᠠᠷᠢᠯᠴᠠᠨ ᠢᠲᠡᠭᠡᠯᠴᠡᠬᠦ ᠶᠢ ᠪᠠᠷᠢᠮᠲᠠᠯᠠᠪᠠ᠃ ᠪᠢ ᠶᠡᠷᠦᠩᠬᠡᠶᠢᠯᠡᠭᠴᠢ ᠥᠴᠢᠴᠢ ᠲᠠᠢ ᠠᠭᠤᠯᠵᠠᠯᠲᠠ ᠬᠢᠬᠦ᠂ ᠤᠲᠠᠰᠤ ᠪᠠᠷ ᠶᠠᠷᠢᠯᠴᠠᠬᠤ᠂ ᠵᠠᠬᠢᠳᠠᠯ ᠢᠯᠡᠭᠡᠬᠦ ᠵᠡᠷᠭᠡ ᠬᠡᠯᠪᠡᠷᠢ ᠪᠠᠷ ᠰᠠᠶᠢᠨ ᠰᠠᠶᠢᠬᠠᠨ ᠠᠵᠢᠯ ᠤᠨ ᠬᠠᠷᠢᠯᠴᠠᠭ᠎ᠠ ᠪᠠᠶᠢᠭᠤᠯᠪᠠ᠃ ᠬᠤᠶᠠᠷ ᠤᠯᠤᠰ ᠤᠨ ᠡᠯ᠎ᠡ ᠱᠠᠲᠤ ᠳᠠᠪᠬᠤᠷᠭ᠎ᠠ ᠡᠯ᠎ᠡ ᠬᠦᠷᠢᠶᠡᠨ ᠳᠤ ᠨᠢᠭᠲᠠ ᠶᠠᠪᠤᠯᠴᠠᠭ᠎ᠠ ᠪᠠᠨ ᠪᠠᠲᠤᠯᠠᠪᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠠᠷᠠᠳ ᠲᠦᠮᠡᠨ ᠤ ᠰᠣᠩᠭᠤᠭᠰᠠᠨ ᠬᠥᠭᠵᠢᠯᠲᠡ ᠶᠢᠨ ᠵᠠᠮ ᠢ ᠭᠦᠢᠴᠡᠳ ᠤᠢᠢᠯᠠᠭᠠᠨ ᠬᠦᠨᠳᠦᠳᠭᠡᠵᠦ᠂ ᠲᠥᠪ ᠭᠤᠣᠯᠴᠢ ᠰᠢᠳᠤᠷᠭᠤ ᠶᠣᠰᠣᠨ ᠤ ᠵᠠᠷᠴᠢᠮ ᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠡᠷᠡᠰ ᠲᠡᠮᠵᠢᠵᠥ ᠂ ᠬᠤᠶᠠᠷ ᠲᠠᠯ᠎ᠠ ᠪᠠ ᠤᠯᠠᠨ ᠲᠠᠯ᠎ᠠ ᠶᠢᠨ ᠬᠦᠷᠢᠶᠡᠨ ᠳᠠᠬᠢ ᠵᠣᠬᠢᠴᠠᠭᠤᠯᠭ᠎ᠠ ᠪᠣᠯᠤᠨ ᠬᠠᠮᠲᠤᠷᠠᠯᠴᠠᠭ᠎ᠠ ᠨᠢᠭᠲᠠ ᠤᠷᠤᠭᠰᠢᠲᠠᠢ ᠶᠠᠪᠤᠭᠳᠠᠪᠠ᠃ ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠲᠠᠰᠤᠷᠠᠯᠲᠠ ᠥᠬᠡᠶ ᠭᠦᠨᠵᠡᠭᠡᠶᠢᠷᠡᠨ ᠪᠣᠳᠠᠲᠠᠶᠢᠵᠢᠪᠠ᠃   ᠪᠢᠳᠡ ᠬᠠᠷᠢᠯᠴᠠᠨ ᠠᠰᠢᠭ ᠬᠦᠷᠲᠡᠭᠡᠬᠦ ᠶᠢ ᠪᠠᠷᠢᠮᠲᠠᠯᠠᠪᠠ᠃ ᠰᠧᠷᠪᠢᠶ᠎ᠠ ᠪᠣᠯ ᠳᠤᠮᠳᠠᠳᠤ ᠤᠯᠤᠰ ᠤᠨ ᠳᠤᠮᠳᠠ ᠵᠡᠭᠦᠨ ᠧᠦ᠋ᠷᠣᠫᠠ ᠶᠢᠨ ᠭᠠᠵᠠᠷ ᠣᠷᠣᠨ ᠤ ᠠᠩᠬᠠᠳᠠᠭᠴᠢ ᠴᠢᠯᠥᠭᠡᠲᠦ ᠠᠷᠠᠯᠵᠢᠶᠠᠨ ᠤ ᠬᠠᠨᠢᠲᠠᠨ ᠪᠣᠯᠤᠨ᠎ᠠ᠃ ᠨᠢᠳᠤᠨᠤᠨ᠂ ᠳᠤᠮᠳᠠᠳᠤ ᠤᠯᠤᠰ ᠨᠢ ᠰᠤᠷᠪᠢᠶ᠎ᠠ ᠶᠢᠨ ᠬᠠᠮᠤᠭ ᠤᠨ ᠶᠡᠭᠡ ᠪᠡᠯᠡ ᠣᠷᠣᠭᠤᠯᠤᠯᠲᠠ ᠶᠢᠨ ᠢᠷᠡᠯᠳᠡ ᠶᠢᠨ ᠤᠯᠤᠰ ᠪᠠ ᠬᠤᠶᠠᠳᠤᠭᠠᠷ ᠶᠡᠭᠡ ᠠᠷᠠᠯᠵᠢᠶᠠᠨ ᠤ ᠬᠠᠨᠢᠲᠠᠨ ᠪᠣᠯᠪᠠ᠃ ᠬᠤᠶᠠᠷ ᠲᠠᠯ᠎ᠠ ᠶᠢᠨ ᠠᠵᠤ ᠠᠬᠤᠢ ᠠᠷᠠᠯᠵᠢᠶ᠎ᠠ᠂ ᠠᠵᠤ ᠦᠢᠯᠡᠰ ᠤᠨ ᠬᠡᠯᠬᠢᠶ᠎ᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠥᠷᠨᠢᠨ ᠬᠥᠭᠵᠢᠵᠦ᠂ ᠬᠤᠶᠠᠷ ᠤᠯᠤᠰ ᠤᠨ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠪᠡ᠃ 2016 ᠣᠨ ᠳᠤ ᠮᠢᠨᠦ ᠠᠶᠢᠯᠴᠢᠯᠠᠬᠰᠡᠨ ᠾᠤ᠋ ᠭᠠᠩ ᠪᠦᠯᠦᠭᠯᠡᠯ ᠤᠨ ᠰᠤᠮᠦ᠋ᠢᠯᠦ᠋ᠢᠤᠤ ᠪᠣᠯᠣᠳ ᠲᠡᠮᠦᠷ ᠤᠨ ᠦᠢᠯᠡᠳᠪᠦᠷᠢ ᠪᠣᠯ ᠰᠧᠷᠪᠢᠶ᠎ᠠ ᠶᠢᠨ ᠭᠤᠷᠪᠠᠨ ᠲᠣᠮᠣ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠨᠢᠭᠡ ᠪᠣᠯᠤᠨ᠎ᠠ᠃ ᠰᠧᠷᠪᠢᠶ᠎ᠠ ᠶᠢᠨ ᠵᠥᠭᠡᠢ ᠶᠢᠨ ᠪᠠᠯ᠂ ᠤᠯᠠᠭᠠᠨ ᠠᠷᠢᠬᠢ᠂ ᠦᠬᠡᠷ ᠬᠤᠨᠢᠨ ᠤ ᠮᠢᠬ᠎ᠠ ᠵᠡᠷᠭᠡ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠲᠤᠮᠳᠠᠳᠤ ᠤᠯᠤᠰ ᠤᠨ ᠬᠡᠷᠡᠭᠯᠡᠭᠴᠢᠳ ᠤᠨ ᠲᠠᠭᠠᠰᠢᠶᠠᠯ ᠢ ᠣᠯᠵᠤ ᠪᠠᠶᠢᠨ᠎ᠠ᠃   ᠪᠢᠳᠡ ᠬᠠᠷᠢᠯᠴᠠᠨ ᠬᠠᠪᠰᠤᠷᠬᠤ ᠶᠢ ᠪᠠᠷᠢᠮᠲᠠᠯᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠡᠭᠦᠰᠦᠭᠰᠡᠨ ᠤ ᠲᠠᠷᠠᠭ᠎ᠠ᠂ ᠪᠢ ᠶᠡᠷᠦᠩᠬᠡᠶᠢᠯᠡᠭᠴᠢ ᠦᠴᠢᠴᠢ ᠲᠠᠢ ᠬᠤᠶᠠᠷ ᠤᠳᠠᠭ᠎ᠠ ᠤᠳᠠᠰᠤ ᠪᠠᠷ ᠶᠠᠷᠢᠯᠴᠠᠵᠤ᠂ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠳᠤ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠠᠢ᠃ ᠳᠤᠮᠳᠠᠳᠤ ‍ᠤᠮᠤᠰ ᠰᠧᠷᠪᠢᠶ᠎ᠠ ᠶᠢᠨ ᠬᠢᠨ ᠳᠤ ᠲᠤᠰᠠᠯᠠᠮᠵᠢ ᠦᠵᠡᠬᠦᠯᠦᠭᠰᠡᠨ ᠪᠦᠭᠡᠳ ᠣᠯᠠᠨ ᠪᠦᠯᠦᠭ ᠡᠮᠴᠢᠯᠡᠭᠡᠨ ᠤ ᠬᠠᠮᠠᠭᠠᠯᠠᠯᠲᠠ ᠶᠢᠨ ᠡᠳ᠋ ᠪᠣᠳᠠᠰ ᠢ ᠬᠠᠩᠭᠠᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠰᠤᠷᠪᠢᠶ᠎ᠠ ᠳᠤ ᠤᠴᠢᠭᠤᠯᠵᠠᠢ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠳᠤᠮᠳᠠᠳᠤ ‍ᠤᠮᠤᠰ ᠭᠠᠳᠠᠭᠠᠳᠤ ᠳᠤ ᠰᠠᠭᠤᠭ᠎ᠠ ᠬᠠᠷᠢᠶᠠᠲᠤ ᠠᠷᠠᠳ ᠢᠶᠠᠨ ᠬᠠᠪᠰᠤᠷᠬᠤ ︽ᠬᠠᠪᠤᠷ ᠤᠨ ᠴᠢᠬᠢ ᠶᠢᠨ ᠠᠵᠢᠯᠯᠠᠭ᠎ᠠ︾ ᠶᠢ ᠰᠤᠷᠪᠢᠶ᠎ᠠ ᠶᠢᠨ ᠬᠢᠨ ᠳᠡᠮᠵᠢᠵᠦ᠂ ᠰᠧᠷᠪᠢᠶ᠎ᠠ ᠶᠢᠨ ᠠᠷᠠᠳ ᠤᠨ ᠵᠣᠬᠢᠶᠠᠨ ᠪᠠᠶᠢᠭᠤᠯᠤᠯᠲᠠ ᠦᠪᠡᠷᠰᠡᠳ ᠢᠶᠠᠨ ᠠᠮᠠᠪᠴᠢ ᠵᠡᠷᠭᠡ ᠡᠳ᠋ ᠪᠣᠳᠠᠰ ᠢ ᠳᠤᠮᠳᠠᠳᠤ ᠤᠯᠤᠰ ᠤᠨ ᠠᠷᠠᠳ ᠲᠦᠮᠡᠨ ᠳᠤ ᠬᠦᠷᠭᠡᠵᠡᠢ᠃ ᠡᠶᠢᠮᠤᠷᠬᠦᠤ ᠲᠠᠭᠠᠷᠠᠬᠰᠡᠨ ᠬᠦᠮᠦᠨ ᠳᠤ ᠲᠠᠬᠤ ᠬᠦᠷᠭᠡᠬᠦ ᠠᠬ᠎ᠠ ᠳᠡᠭᠦᠦ ᠶᠢᠨ ᠨᠥᠬᠦᠷᠯᠡᠯ ᠨᠢ ᠮᠠᠰᠢ ᠡᠷᠬᠢᠮ ᠨᠠᠨᠳᠢᠨ ᠶᠤᠮ᠃   ᠪᠢᠳᠡ ᠢᠮᠠᠭᠲᠠ ᠦᠨᠡᠨᠴᠢ ᠪᠠᠷ ᠬᠠᠨᠳᠤᠬᠤ ᠰᠠᠶᠢᠨ ᠨᠠᠶᠢᠵᠠ ᠪᠣᠯᠤᠶ᠎ᠠ᠃ ᠲᠤᠮᠳᠠᠳᠤ ᠰᠧᠷᠪᠢᠶ᠎ᠠ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠭᠡᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠣᠶᠢᠯᠠᠭᠠᠵᠤ᠂ ᠬᠠᠷᠢᠯᠴᠠᠨ ᠢᠲᠡᠭᠡᠵᠦ᠂ ᠬᠠᠷᠢᠯᠴᠠᠨ ᠳᠡᠮᠵᠢᠵᠦ᠂ ᠬᠠᠷᠢᠯᠴᠠᠨ ᠬᠠᠪᠰᠤᠷᠬᠤ ᠵᠠᠮ ᠢᠶᠠᠷ ᠲᠠᠰᠤᠷᠠᠯᠲᠠ ᠦᠭᠡᠢ ᠤᠷᠤᠭᠰᠢᠯᠠᠵᠤ᠂ ᠲᠤᠰ ᠲᠤᠰ ᠤᠨ ᠭᠤᠣᠯᠯᠠᠬᠤ ᠠᠰᠢᠭ ᠲᠤᠰᠠ ᠪᠣᠯᠤᠨ ᠴᠢᠬᠤᠯᠠ ᠶᠡᠭᠡ ᠠᠩᠬᠠᠷᠴᠤ ᠪᠠᠶᠢᠭ᠎ᠠ ᠠᠰᠠᠭᠤᠳᠠᠯ ᠳᠡᠭᠡᠷ᠎ᠡ ᠨᠦᠬᠦᠭᠡ ᠡᠳᠡᠭᠡᠳ ᠲᠡᠭᠡᠨ ᠡᠷᠡᠰ ᠪᠠᠳᠤ ᠳᠡᠮᠵᠢᠯᠭᠡ ᠦᠵᠡᠭᠦᠯᠦᠨ᠎ᠡ᠃ ᠳᠤᠮᠳᠠᠳᠤ ᠤᠯᠤᠰ ᠰᠧᠷᠪᠢᠶ᠎ᠠ ᠶᠢᠨ ᠠᠷᠠᠳ ᠲᠦᠮᠡᠨ ᠤ ᠦᠪᠡᠰᠤᠪᠡᠨ ᠰᠣᠩᠭᠤᠭᠰᠠᠨ ᠬᠥᠭᠵᠢᠯᠲᠡ ᠶᠢᠨ ᠵᠠᠮ ᠢ ᠬᠦᠨᠳᠦᠳᠭᠡᠨ ᠳᠠᠮᠵᠢᠵᠤ᠂ ᠰᠧᠷᠪᠢᠶ᠎ᠠ ᠶᠢᠨ ᠬᠢᠨ ᠤ ᠤᠯᠤᠰ ᠤᠨ ᠡᠷᠬᠡ ᠮᠠᠲᠠᠯ ᠪᠣᠯᠤᠨ ᠨᠤᠲᠤᠭ ᠳᠡᠪᠢᠰᠭᠡᠷ ᠤᠨ ᠪᠦᠷᠢᠨ ᠪᠦᠲᠦᠨ ᠢ ᠬᠠᠮᠠᠭᠠᠯᠠᠬᠤ ᠴᠢᠷᠮᠠᠶᠢᠯᠭ᠎ᠠ ᠶᠢ ᠳᠠᠮᠵᠢᠵᠤ᠂ ᠶᠠᠮᠠᠷᠪᠠ ᠬᠦᠴᠦᠨ ᠤ ᠰᠧᠷᠪᠢᠶ᠎ᠠ ᠶᠢᠨ ᠳᠣᠲᠣᠭᠠᠳᠤ ᠵᠠᠰᠠᠭ ᠲᠤ ᠭᠠᠷ ᠲᠥᠷᠥᠬᠦ ᠶᠢ ᠡᠰᠡᠷᠭᠦᠴᠡᠨ᠎ᠡ᠃   ᠪᠢᠳᠠ ᠢᠮᠠᠭᠲᠠ ᠬᠠᠮᠲᠤᠷᠠᠯᠴᠠᠭ᠎ᠠ ᠬᠢᠵᠤ ᠬᠠᠮᠲᠤ ᠪᠠᠷ ᠠᠰᠢᠭ ᠬᠦᠷᠳᠡᠬᠦ ᠰᠠᠶᠢᠨ ᠬᠠᠨᠢᠲᠠᠨ ᠪᠣᠯᠤᠶ᠎ᠠ᠃ ᠳᠤᠮᠳᠠᠳᠤ ᠤᠯᠤᠰ ᠤᠨ ᠬᠢᠨ ᠶᠠᠭ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ ᠪᠠᠶᠢᠨ᠎ᠠ᠃ ᠤᠢᠢᠷ᠎ᠠ ᠶᠢᠨ ᠵᠢᠯ ᠠᠴᠠ᠂ ᠰᠧᠷᠪᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠢᠯᠡᠳᠲᠡ ᠠᠮᠵᠢᠯᠲᠠ ᠣᠯᠵᠠᠢ᠃ ᠳᠤᠮᠳᠠᠳᠤ ᠰᠧᠷᠪᠢᠶ᠎ᠠ ᠶᠢᠨ ᠬᠢᠨ ᠬᠠᠷᠢᠯᠴᠠᠨ ᠠᠰᠢᠭᠲᠠᠶ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠭᠦᠨᠵᠡᠭᠡᠶ ᠠᠭᠤᠳᠠᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤᠮᠳᠠ ᠬᠤᠭᠤᠴᠠᠭᠠᠨ ᠤ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠩ ᠣᠯᠠᠨ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠢ ᠴᠢᠷᠮᠠᠶᠢᠨ ᠪᠦᠲᠦᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠲᠡᠷᠢᠭᠦᠨ ᠤ ᠦᠢᠯᠡᠳᠬᠦ ᠦᠢᠯᠡᠰ᠂ ᠪᠣᠬᠢᠷᠲᠤᠯ ᠥᠬᠡᠶ ᠡᠨᠧᠷᠭᠢ᠂ ᠲᠣᠭᠠᠴᠢᠯᠠᠭᠰᠠᠨ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠭᠡᠵᠦ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号