ᠰᠢ ᠶᠢᠨ ᠫᠢᠩ ᠪᠧᠯᠭᠷᠠᠳ᠋ ᠲᠤ ᠬᠦᠷᠴᠦ ᠰᠧᠷᠪᠢᠶ᠎ᠠ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ
ᠨᠡᠶᠢᠲᠡᠯᠡᠭᠰᠡᠨ ᠴᠠᠭ᠄
2024/5/9
   ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7᠎ ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠭᠡᠯ ᠢᠶᠠᠷ ᠪᠧᠯᠭᠷᠠᠳ᠋ ᠲᠤ ᠬᠦᠷᠴᠦ᠂ ᠰᠧᠷᠪᠢᠶ᠎ᠠ ᠶᠢᠨ ᠶᠡᠷᠦᠩᠬᠡᠶᠢᠯᠡᠭᠴᠢ ᠦᠴᠢᠴᠢ ᠶᠢᠨ ᠤᠷᠢᠯᠭ᠎ᠠ ᠪᠠᠷ ᠰᠧᠷᠪᠢᠶ᠎ᠡ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠪᠠ᠃   ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠭᠡᠯ ᠰᠧᠷᠪᠢᠶ᠎ᠠ ᠶᠢᠨ ᠬᠠᠷᠢᠶ᠎ᠠ ᠠᠭᠠᠷ ᠲᠤ ᠣᠷᠣᠭᠰᠠᠨ ᠤ ᠳᠠᠷᠠᠭ᠎ᠠ᠂ ᠰᠧᠷᠪᠢᠶ᠎ᠠ ᠶᠢᠨ ᠠᠭᠠᠷ ᠤᠨ ᠴᠡᠷᠢᠭ ᠤᠨ ᠬᠤᠶᠠᠷ ᠪᠠᠶᠢᠯᠳᠤᠭᠠᠨ ᠤ ᠨᠢᠰᠭᠡᠯ ᠠᠶᠠᠯᠠᠯ ᠬᠠᠮᠠᠭᠠᠯᠠᠪᠠ᠃ ᠰᠢ ᠶᠢᠨ ᠫᠢᠩ ᠲᠤᠰᠬᠠᠢ ᠨᠢᠰᠭᠡᠯ ᠢᠶᠠᠷ ᠪᠤᠯᠭ᠍ᠷᠠᠳ᠋ ᠤᠨ ᠨᠢᠺᠦ᠋ᠯᠠ · ᠲᠧᠰᠯᠠ ᠣᠯᠠᠨ ᠤᠯᠤᠰ ᠤᠨ ᠨᠢᠰᠭᠡᠯ ᠤᠨ ᠪᠠᠭᠤᠳᠠᠯ ᠳᠤ ᠬᠦᠷᠬᠦ ᠦᠶ᠎ᠡ ᠳᠤ᠂ ᠰᠧᠷᠪᠢᠶ᠎ᠠ ᠶᠢᠨ ᠶᠡᠷᠦᠩᠬᠡᠶᠢᠯᠡᠭᠴᠢ ᠦᠴᠢᠴᠢ ᠬᠠᠳᠤᠨ ᠲᠠᠢ ᠪᠠᠨ᠂ ᠳᠤᠮᠳᠠᠳᠤ ᠯᠤᠭ᠎ᠠ ᠶᠢᠨ ᠬᠠᠮᠳᠤᠷᠠᠯᠴᠠᠭᠠᠨ ᠤ ᠤᠯᠤᠰ ᠤᠨ ᠵᠥᠪᠯᠡᠯ ᠤᠨ ᠲᠡᠷᠢᠭᠦᠯᠡᠭᠴᠢ᠂ ᠤᠤᠯ ᠤᠨ ᠶᠡᠷᠦᠩᠬᠡᠶᠢᠯᠡᠭᠴᠢ ᠨᠢᠺᠤᠯᠢᠴᠢ ᠬᠠᠳᠤᠨ ᠲᠠᠢ ᠪᠠᠨ᠂ ᠵᠥᠪᠯᠡᠯᠭᠡᠨ ᠤ ᠳᠠᠷᠤᠭ᠎ᠠ ᠪᠦᠷᠨᠠᠪᠢᠴᠢ᠂ ᠶᠡᠷᠦᠩᠬᠡᠢ ᠰᠠᠶᠢᠳ ᠦᠴᠢᠶ᠋ᠸᠧᠢᠴᠢ ᠪᠣᠯᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠵᠢᠤᠯᠢᠴᠢ ᠨᠠᠷ ᠬᠠᠯᠠᠭᠤᠨ ᠢᠶᠠᠷ ᠤᠭᠲᠤᠪᠠ᠃
635.png
   ᠦᠴᠢᠴᠢ ᠨᠢᠰᠭᠡᠯ ᠤᠨ ᠪᠠᠭᠤᠳᠠᠯ ᠳᠤ ᠰᠢ ᠶᠢᠨ ᠫᠢᠩ ᠢ ᠦᠪᠡᠷᠮᠢᠴᠠ ᠤᠨᠴᠠᠯᠢᠭ ᠲᠠᠢ ᠵᠤᠴᠢᠨ ᠤᠭᠲᠤᠬᠤ ᠶᠣᠰᠣᠯᠠᠯ ᠢᠶᠠᠷ ᠤᠬᠳᠤᠪᠠ᠃ ᠰᠧᠷᠪᠢᠶ᠎ᠠ ᠶᠢᠨ ᠪᠠᠭᠠᠴᠤᠳ ᠬᠡᠦᠬᠡᠳ ᠰᠢ ᠶᠢᠨ ᠫᠢᠩ ᠪᠣᠯᠤᠨ ᠫᠧᠩ ᠯᠢ ᠶᠤᠸᠠᠨ ᠳᠤ ᠴᠡᠴᠡᠭ ᠬᠦᠷᠭᠡᠵᠤ᠂ ᠳᠤᠮᠳᠠᠳᠤ ᠰᠧᠷᠪᠢᠶ᠎ᠠ ᠶᠢᠨ ᠤᠯᠤᠰ ᠤᠨ ᠲᠤᠭ ᠢ ᠬᠤᠷᠦ᠋ᠢᠯᠠᠵᠤ᠂ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠤᠯᠠᠬᠰᠡᠨ ᠰᠧᠷᠪᠢᠶ᠎ᠠ ᠶᠢᠨ ᠠᠷᠠᠳ ᠣᠯᠠᠨ ᠲᠠᠭᠤᠯᠠᠨ ᠪᠦᠵᠢᠭᠯᠡᠵᠤ ᠬᠠᠯᠠᠭᠤᠨ ᠢᠶᠠᠷ ᠤᠭᠲᠤᠵᠠᠢ᠃
636.png
    ᠰᠢ ᠶᠢᠨ ᠫᠢᠩ ᠪᠢᠴᠢᠭ ᠤᠨ ᠬᠡᠯᠪᠡᠷᠢ ᠪᠠᠷ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠰᠡᠷᠪᠢᠶ᠎ᠠ ᠶᠢᠨ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠬᠤᠶᠠᠷ ᠤᠯᠤᠰ ᠤᠨ ᠬᠠᠷᠢᠯᠴᠠᠭ᠎ᠠ ᠳᠡᠯᠡᠬᠡᠢ ᠶᠢᠨ ᠬᠤᠪᠢᠷᠠᠯᠲᠠ ᠶᠢᠨ ᠰᠢᠯᠭᠠᠯᠲᠠ ᠶᠢ ᠳᠠᠭᠠᠭᠠᠵᠤ᠂ ᠤᠯᠤᠰ ᠤᠳ ᠤᠨ ᠬᠤᠭᠤᠷᠤᠨᠳᠤᠬᠢ ᠬᠠᠷᠢᠯᠴᠠᠭᠠᠨ ᠤ ᠳᠠᠭᠤᠷᠢᠶᠠᠯ ᠪᠣᠯᠵᠠᠢ᠃ 2016 ᠣᠨ ᠳᠤ ᠬᠤᠶᠠᠷ ᠤᠯᠤᠰ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠨᠡᠭᠠᠰᠢ ᠬᠤᠶᠠᠷ ᠲᠠᠯ᠎ᠠ ᠶᠢᠨ ᠬᠠᠷᠢᠯᠴᠠᠭ᠎ᠠ ᠳᠠᠪᠠᠯᠲᠠᠳᠤ ᠴᠢᠨᠠᠷᠲᠠᠢ ᠬᠥᠭᠵᠢᠯᠲᠡ ᠲᠠᠢ ᠪᠣᠯᠵᠤ᠂ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠠᠢ᠃ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠪᠠᠲᠤ ᠪᠠᠬᠢ᠂ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠳᠠᠢ ᠬᠠᠮᠲᠤ ᠪᠠᠷ ᠪᠦᠲᠦᠭᠡᠨ ᠪᠠᠶᠢᠭᠤᠯᠤᠭᠰᠠᠨ ᠦᠷ᠎ᠡ ᠪᠦᠲᠦᠭᠡᠯ ᠡᠯᠪᠡᠭ ᠪᠠᠶᠢᠵᠤ᠂ ᠬᠥᠮᠦᠰ ᠤᠨ ᠶᠠᠪᠤᠯᠴᠠᠭ᠎ᠠ ᠨᠡᠩ ᠨᠢᠭᠲᠠᠷᠠᠵᠤ᠂ ᠦᠨᠡᠨᠴᠢ ᠨᠥᠬᠦᠷᠯᠡᠯ ᠬᠥᠮᠦᠰ ᠤᠨ ᠰᠡᠳᠭᠢᠯ ᠳᠤ ᠭᠦᠨ ᠰᠠᠭᠤᠭᠳᠠᠵᠠᠢ᠃ ᠳᠤᠮᠳᠠᠳᠤ ᠰᠡᠷᠪᠢᠶ᠎ᠠ ᠶᠢᠨ ᠬᠠᠮᠲᠤᠷᠠᠯᠴᠠᠭ᠎ᠠ ᠨᠢ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠪᠠᠶᠢᠭᠤᠯᠤᠭᠳᠠᠵᠦ᠂ ᠬᠤᠶᠠᠷ ᠤᠯᠤᠰ ᠤᠨ ᠦᠨᠳᠦᠰᠦᠨ ᠠᠰᠢᠭ ᠲᠤᠰᠠ ᠪᠣᠯᠤᠨ ᠠᠯᠤᠰ ᠬᠡᠳᠤ ᠶᠢᠨ ᠠᠰᠢᠭ ᠲᠤᠰᠠ ᠳᠤ ᠨᠡᠶᠢᠴᠡᠨ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠰᠧᠷᠪᠢᠶ᠎ᠠ ᠶᠢᠨ ᠲᠠᠯ᠎ᠠ ᠲᠠᠢ ᠬᠠᠮᠲᠤ ᠪᠠᠷ ᠣᠭ ᠰᠠᠨᠠᠭ᠎ᠠ ᠪᠠᠨ ᠥᠯᠥ ᠮᠠᠷᠲᠠᠵᠤ᠂ ᠭᠠᠷ ᠬᠤᠯᠪᠣᠨ ᠤᠷᠤᠭᠰᠢᠯᠠᠵᠤ᠂ ᠬᠥᠳᠡᠯᠭᠡᠬᠦ ᠬᠦᠴᠦᠨ ᠨᠠᠩ ᠴᠢᠩᠭ᠎ᠠ᠂ ᠬᠦᠷᠢᠶ᠎ᠡ ᠬᠡᠪᠴᠢᠶ᠎ᠡ ᠨᠠᠩ ᠥᠷᠭᠡᠨ᠂ ᠶᠠᠰᠤ ᠴᠢᠨᠠᠷ ᠨᠠᠩ ᠥᠨᠳᠥᠷ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠦᠨ᠎ᠡ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠶᠢᠯᠡᠭᠴᠢ ᠥᠴᠢᠴᠢ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠪᠤᠰᠤᠳ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠯᠡᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠠᠯᠤᠰ ᠤᠨ ᠲᠦᠰᠦᠪ ᠢ ᠲᠥᠯᠥᠪᠵᠢᠭᠦᠯᠬᠦ ᠶᠢ ᠬᠦᠰᠡᠵᠦ ᠪᠠᠶᠢᠨ᠎ᠠ᠃ ᠡᠨᠡ ᠤᠳᠠᠭ᠎ᠠ ᠶᠢᠨ ᠠᠶᠢᠯᠴᠢᠯᠠᠯᠲᠠ ᠯᠠᠪᠲᠠᠢ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠳᠤᠮᠳᠠᠳᠤ ᠰᠡᠷᠪᠢᠶ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ ᠲᠡᠷᠢᠭᠦᠯᠡᠭᠴᠢ ᠰᠢ ᠶᠢᠨ ᠫᠢᠩ ᠤᠨ ᠬᠠᠳᠤᠨ ᠫᠧᠩ ᠯᠢ ᠶᠤᠸᠠᠨ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠵᠡᠷᠭᠡ ᠪᠠᠷ᠎ᠠ ᠪᠣᠯᠤᠭᠰᠠᠳ ᠨᠢᠰᠭᠡᠯ ᠢᠶᠠᠷ ᠬᠠᠮᠲᠤ ᠬᠦᠷᠪᠡ᠃   ᠰᠧᠷᠪᠢᠶ᠎ᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠢ ᠮᠢᠩ ᠪᠠᠰᠠ ᠨᠢᠰᠭᠡᠯ ᠤᠨ ᠪᠠᠭᠤᠳᠠᠯ ᠳᠤ ᠬᠦᠷᠴᠦ ᠤᠭᠲᠤᠪᠠ᠃   ᠰᠢ ᠶᠢᠨ ᠫᠢᠩ ᠲᠡᠷᠭᠡᠨ ᠳᠤ ᠰᠠᠭᠤᠵᠤ ᠨᠢᠰᠭᠡᠯ ᠤᠨ ᠪᠠᠭᠤᠳᠠᠯ ᠠᠴᠠ ᠪᠠᠭᠤᠬᠰᠠᠨ ᠵᠣᠴᠢᠳ ᠤᠨ ᠪᠠᠭᠤᠳᠠᠯ ᠳᠤ ᠬᠦᠷᠬᠦ ᠵᠠᠮ ᠵᠠᠭᠤᠷ᠎ᠡ᠂ ᠪᠤᠯᠭ᠍ᠷᠠᠳ᠋ ᠲᠤ ᠪᠠᠶᠠᠷ ᠪᠠᠶᠠᠰᠤᠯ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠳᠤᠮᠳᠠᠳᠤ ᠰᠡᠷᠪᠢᠶ᠎ᠠ ᠬᠤᠶᠠᠷ ᠤᠯᠤᠰ ᠤᠨ ᠤᠯᠤᠰ ᠤᠨ ᠲᠤᠭ ᠭᠠᠵᠠᠷ ᠪᠣᠯᠭᠠᠨ ᠳᠤ ᠰᠠᠯᠬᠢᠨ ᠤ ᠠᠶ᠎ᠠ ᠪᠠᠷ ᠨᠠᠮᠢᠷᠠᠵᠤ᠂ ᠤᠯᠠᠨ ᠭᠠᠵᠠᠷ ᠲᠤ ︽ᠳᠤᠮᠳᠠᠳᠤ ᠤᠯᠤᠰ ᠤᠨ ᠤᠯᠠᠭᠠᠨ︾᠎ ᠢ ᠭᠢᠯᠠᠯᠵᠠᠭᠤᠯᠵᠤ᠂ ᠲᠤᠮᠤ ᠡᠯᠧᠺᠲᠷᠣᠨ ᠳᠡᠯᠭᠡᠴᠡ ᠳᠡᠭᠡᠷ᠎ᠡ ︽ᠬᠠᠶᠢᠷᠠᠲᠤ ᠳᠤᠮᠳᠠᠳᠤ ᠤᠯᠤᠰ ᠤᠨ ᠨᠠᠶᠢᠵᠠ ᠨᠠᠷ ᠢᠶᠠᠨ ᠬᠠᠯᠠᠭᠤᠨ ᠢᠶᠠᠷ ᠤᠭᠲᠤᠵᠤ ᠪᠠᠶᠢᠨ᠎ᠠ︾ ᠭᠡᠬᠦ ᠦᠰᠦᠭ ᠢᠯᠡᠷᠡᠵᠦ ᠪᠠᠶᠢᠪᠠ᠃ ᠰᠧᠷᠪᠢᠶ᠎ᠠ ᠳᠤ ᠪᠠᠶᠢᠭ᠎ᠠ ᠳᠤᠮᠳᠠᠳᠤ ᠶᠢᠨ ᠬᠠᠷᠢᠶᠠᠲᠤ ᠪᠣᠯᠤᠨ ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠭᠴᠢᠳ ᠵᠢᠴᠢ ᠰᠡᠷᠪᠢᠶ᠎ᠠ ᠶᠢᠨ ᠠᠷᠠᠳ ᠤᠯᠠᠨ ᠵᠠᠮ ᠤᠨ ᠬᠤᠶᠠᠷ ᠲᠠᠯ᠎ᠠ ᠪᠠᠷ ᠬᠦᠯᠢᠶᠡᠵᠦ᠂ ᠳᠤᠮᠳᠠᠳᠤ ᠰᠡᠷᠪᠢᠶ᠎ᠠ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠪᠡ᠃   ︵ᠰᠢᠨᠬᠤᠧᠠ ᠬᠤᠷᠢᠶ᠎ᠠ ᠶᠢᠨ ᠪᠧᠯᠭᠷᠠᠳ᠋ ᠤᠨ 5 ᠰᠠᠷ᠎ᠠ ᠶᠢᠨ 7᠎ ᠤ ᠴᠠᠬᠢᠯᠭᠠᠨ ᠮᠡᠳᠡᠭᠡ︶ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号