ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠲᠤᠰᠬᠠᠢ ᠨᠢᠰᠭᠡᠯ ᠢᠶᠠᠷ ᠪᠧᠯᠭᠷᠠᠳ᠋ ᠲᠤ ᠬᠦᠷᠴᠦ᠂ ᠰᠧᠷᠪᠢᠶ᠎ᠠ ᠶᠢᠨ ᠶᠡᠷᠦᠩᠬᠡᠶᠢᠯᠡᠭᠴᠢ ᠦᠴᠢᠴᠢ ᠶᠢᠨ ᠤᠷᠢᠯᠭ᠎ᠠ ᠪᠠᠷ | ᠰᠧᠷᠪᠢᠶᠡ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠪᠠ᠃ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠭᠡᠯ ᠰᠧᠷᠪᠢᠶ᠎ᠠ ᠶᠢᠨ ᠬᠠᠷᠢᠶ᠎ᠠ ᠠᠭᠠᠷ ᠲᠤ ᠣᠷᠣᠭᠰᠠᠨ ᠤ ᠳᠠᠷᠠᠭ᠎ᠠ᠂ | ᠰᠧᠷᠪᠢᠶ᠎ᠠ ᠶᠢᠨ ᠠᠭᠠᠷ ᠤᠨ ᠴᠡᠷᠢᠭ ᠤᠨ ᠬᠤᠶᠠᠷ ᠪᠠᠶᠢᠯᠳᠤᠭᠠᠨ ᠤ ᠨᠢᠰᠭᠡᠯ ᠠᠶᠠᠯᠠᠯ ᠬᠠᠮᠠᠭᠠᠯᠠᠪᠠ᠃ ᠰᠢ ᠶᠢᠨ ᠫᠢᠩ ᠲᠤᠰᠬᠠᠢ | ᠨᠢᠰᠭᠡᠯ ᠢᠶᠠᠷ ᠪᠤᠯᠭ᠍ᠷᠠᠳ᠋ ᠤᠨ ᠨᠢᠺᠦ᠋ᠯᠠ · ᠲᠧᠰᠯᠠ ᠣᠯᠠᠨ ᠤᠯᠤᠰ ᠤᠨ ᠨᠢᠰᠭᠡᠯ ᠤᠨ ᠪᠠᠭᠤᠳᠠᠯ ᠳᠤ ᠬᠦᠷᠬᠦ ᠦᠶ᠎ᠡ ᠳᠤ᠂ | ᠰᠧᠷᠪᠢᠶ᠎ᠠ ᠶᠢᠨ ᠶᠡᠷᠦᠩᠬᠡᠶᠢᠯᠡᠭᠴᠢ ᠦᠴᠢᠴᠢ ᠬᠠᠳᠤᠨ ᠲᠠᠢ ᠪᠠᠨ᠂ ᠳᠤᠮᠳᠠᠳᠤ ᠯᠤᠭ᠎ᠠ ᠶᠢᠨ ᠬᠠᠮᠳᠤᠷᠠᠯᠴᠠᠭᠠᠨ ᠤ ᠤᠯᠤᠰ ᠤᠨ | ᠵᠥᠪᠯᠡᠯ ᠤᠨ ᠲᠡᠷᠢᠭᠦᠯᠡᠭᠴᠢ᠂ ᠤᠤᠯ ᠤᠨ ᠶᠡᠷᠦᠩᠬᠡᠶᠢᠯᠡᠭᠴᠢ ᠨᠢᠺᠤᠯᠢᠴᠢ ᠬᠠᠳᠤᠨ ᠲᠠᠢ ᠪᠠᠨ᠂ ᠵᠥᠪᠯᠡᠯᠭᠡᠨ ᠤ ᠳᠠᠷᠤᠭ᠎ᠠ | ᠪᠦᠷᠨᠠᠪᠢᠴᠢ᠂ ᠶᠡᠷᠦᠩᠬᠡᠢ ᠰᠠᠶᠢᠳ ᠦᠴᠢᠶ᠋ᠸᠧᠢᠴᠢ ᠪᠣᠯᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠵᠢᠤᠯᠢᠴᠢ ᠨᠠᠷ | ᠬᠠᠯᠠᠭᠤᠨ ᠢᠶᠠᠷ ᠤᠭᠲᠤᠪᠠ᠃ | | | | ᠦᠴᠢᠴᠢ ᠨᠢᠰᠭᠡᠯ ᠤᠨ ᠪᠠᠭᠤᠳᠠᠯ ᠳᠤ ᠰᠢ ᠶᠢᠨ ᠫᠢᠩ ᠢ ᠦᠪᠡᠷᠮᠢᠴᠠ ᠤᠨᠴᠠᠯᠢᠭ ᠲᠠᠢ ᠵᠤᠴᠢᠨ ᠤᠭᠲᠤᠬᠤ | ᠶᠣᠰᠣᠯᠠᠯ ᠢᠶᠠᠷ ᠤᠬᠳᠤᠪᠠ᠃ ᠰᠧᠷᠪᠢᠶ᠎ᠠ ᠶᠢᠨ ᠪᠠᠭᠠᠴᠤᠳ ᠬᠡᠦᠬᠡᠳ ᠰᠢ ᠶᠢᠨ ᠫᠢᠩ ᠪᠣᠯᠤᠨ ᠫᠧᠩ ᠯᠢ ᠶᠤᠸᠠᠨ ᠳᠤ ᠴᠡᠴᠡᠭ | ᠬᠦᠷᠭᠡᠵᠤ᠂ ᠳᠤᠮᠳᠠᠳᠤ ᠰᠧᠷᠪᠢᠶ᠎ᠠ ᠶᠢᠨ ᠤᠯᠤᠰ ᠤᠨ ᠲᠤᠭ ᠢ ᠬᠤᠷᠦ᠋ᠢᠯᠠᠵᠤ᠂ ᠦᠨᠳᠦᠰᠦᠲᠡᠨ ᠤ ᠬᠤᠪᠴᠠᠰᠤ | ᠵᠠᠰᠠᠯ ᠢᠶᠠᠷ ᠢᠶᠠᠨ ᠭᠤᠶᠤᠯᠠᠬᠰᠡᠨ ᠰᠧᠷᠪᠢᠶ᠎ᠠ ᠶᠢᠨ ᠠᠷᠠᠳ ᠣᠯᠠᠨ ᠲᠠᠭᠤᠯᠠᠨ ᠪᠦᠵᠢᠭᠯᠡᠵᠤ ᠬᠠᠯᠠᠭᠤᠨ ᠢᠶᠠᠷ ᠤᠭᠲᠤᠵᠠᠢ᠃ | | | ᠰᠢ ᠶᠢᠨ ᠫᠢᠩ ᠪᠢᠴᠢᠭ ᠤᠨ ᠬᠡᠯᠪᠡᠷᠢ ᠪᠠᠷ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠰᠡᠷᠪᠢᠶ᠎ᠠ ᠶᠢᠨ | ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠬᠤᠶᠠᠷ ᠤᠯᠤᠰ ᠤᠨ ᠬᠠᠷᠢᠯᠴᠠᠭ᠎ᠠ ᠳᠡᠯᠡᠬᠡᠢ ᠶᠢᠨ ᠬᠤᠪᠢᠷᠠᠯᠲᠠ ᠶᠢᠨ | ᠰᠢᠯᠭᠠᠯᠲᠠ ᠶᠢ ᠳᠠᠭᠠᠭᠠᠵᠤ᠂ ᠤᠯᠤᠰ ᠤᠳ ᠤᠨ ᠬᠤᠭᠤᠷᠤᠨᠳᠤᠬᠢ ᠬᠠᠷᠢᠯᠴᠠᠭᠠᠨ ᠤ ᠳᠠᠭᠤᠷᠢᠶᠠᠯ ᠪᠣᠯᠵᠠᠢ᠃ 2016 | ᠣᠨ ᠳᠤ ᠬᠤᠶᠠᠷ ᠤᠯᠤᠰ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠴᠠ | ᠨᠡᠭᠠᠰᠢ ᠬᠤᠶᠠᠷ ᠲᠠᠯ᠎ᠠ ᠶᠢᠨ ᠬᠠᠷᠢᠯᠴᠠᠭ᠎ᠠ ᠳᠠᠪᠠᠯᠲᠠᠳᠤ ᠴᠢᠨᠠᠷᠲᠠᠢ ᠬᠥᠭᠵᠢᠯᠲᠡ ᠲᠠᠢ ᠪᠣᠯᠵᠤ᠂ ᠲᠡᠦᠬᠡᠲᠦ ᠴᠢᠨᠠᠷᠲᠠᠢ | ᠠᠮᠵᠢᠯᠲᠠ ᠪᠦᠲᠦᠮᠵᠢ ᠣᠯᠵᠠᠢ᠃ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠪᠠᠲᠤ ᠪᠠᠬᠢ᠂ ︽ᠨᠢᠭᠡ ᠪᠦᠰᠡ | ᠨᠢᠭᠡ ᠵᠠᠮ︾ ᠢ ᠴᠢᠨᠠᠷ ᠰᠠᠶᠢᠳᠠᠢ ᠬᠠᠮᠲᠤ ᠪᠠᠷ ᠪᠦᠲᠦᠭᠡᠨ ᠪᠠᠶᠢᠭᠤᠯᠤᠭᠰᠠᠨ ᠦᠷ᠎ᠡ ᠪᠦᠲᠦᠭᠡᠯ ᠡᠯᠪᠡᠭ ᠪᠠᠶᠢᠵᠤ᠂ ᠬᠥᠮᠦᠰ ᠤᠨ | ᠶᠠᠪᠤᠯᠴᠠᠭ᠎ᠠ ᠨᠡᠩ ᠨᠢᠭᠲᠠᠷᠠᠵᠤ᠂ ᠦᠨᠡᠨᠴᠢ ᠨᠥᠬᠦᠷᠯᠡᠯ ᠬᠥᠮᠦᠰ ᠤᠨ ᠰᠡᠳᠭᠢᠯ ᠳᠤ ᠭᠦᠨ ᠰᠠᠭᠤᠭᠳᠠᠵᠠᠢ᠃ ᠳᠤᠮᠳᠠᠳᠤ | ᠰᠡᠷᠪᠢᠶ᠎ᠠ ᠶᠢᠨ ᠬᠠᠮᠲᠤᠷᠠᠯᠴᠠᠭ᠎ᠠ ᠨᠢ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠪᠠᠶᠢᠭᠤᠯᠤᠭᠳᠠᠵᠦ᠂ | ᠬᠤᠶᠠᠷ ᠤᠯᠤᠰ ᠤᠨ ᠦᠨᠳᠦᠰᠦᠨ ᠠᠰᠢᠭ ᠲᠤᠰᠠ ᠪᠣᠯᠤᠨ ᠠᠯᠤᠰ ᠬᠡᠳᠤ ᠶᠢᠨ ᠠᠰᠢᠭ ᠲᠤᠰᠠ ᠳᠤ ᠨᠡᠶᠢᠴᠡᠨ᠎ᠡ᠃ | ᠳᠤᠮᠳᠠᠳᠤ ᠶᠢᠨ ᠲᠠᠯ᠎ᠠ ᠳᠤᠷᠠᠲᠠᠶ᠎ᠠ ᠰᠧᠷᠪᠢᠶ᠎ᠠ ᠶᠢᠨ ᠲᠠᠯ᠎ᠠ ᠲᠠᠢ ᠬᠠᠮᠲᠤ ᠪᠠᠷ ᠣᠭ ᠰᠠᠨᠠᠭ᠎ᠠ ᠪᠠᠨ ᠥᠯᠥ ᠮᠠᠷᠲᠠᠵᠤ᠂ ᠭᠠᠷ | ᠬᠤᠯᠪᠣᠨ ᠤᠷᠤᠭᠰᠢᠯᠠᠵᠤ᠂ ᠬᠥᠳᠡᠯᠭᠡᠬᠦ ᠬᠦᠴᠦᠨ ᠨᠠᠩ ᠴᠢᠩᠭ᠎ᠠ᠂ ᠬᠦᠷᠢᠶ᠎ᠡ ᠬᠡᠪᠴᠢᠶ᠎ᠡ ᠨᠠᠩ ᠥᠷᠭᠡᠨ᠂ ᠶᠠᠰᠤ ᠴᠢᠨᠠᠷ ᠨᠠᠩ | ᠥᠨᠳᠥᠷ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠦᠨ᠎ᠡ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠠᠵᠠ | ᠲᠣᠬᠢᠶᠠᠯ ᠪᠣᠯᠭᠠᠵᠤ᠂ ᠶᠡᠷᠦᠩᠬᠡᠶᠢᠯᠡᠭᠴᠢ ᠥᠴᠢᠴᠢ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ | ᠪᠠᠶᠢᠭ᠎ᠠ ᠪᠤᠰᠤᠳ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠥᠬᠦᠷᠯᠡᠯ ᠢᠶᠠᠨ ᠬᠠᠮᠲᠤ ᠪᠠᠷ | ᠶᠠᠷᠢᠯᠴᠠᠵᠤ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠯᠡᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠬᠤᠶᠠᠷ | ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠠᠯᠤᠰ ᠤᠨ ᠲᠦᠰᠦᠪ ᠢ ᠲᠥᠯᠥᠪᠵᠢᠭᠦᠯᠬᠦ ᠶᠢ ᠬᠦᠰᠡᠵᠦ ᠪᠠᠶᠢᠨ᠎ᠠ᠃ | ᠡᠨᠡ ᠤᠳᠠᠭ᠎ᠠ ᠶᠢᠨ ᠠᠶᠢᠯᠴᠢᠯᠠᠯᠲᠠ ᠯᠠᠪᠲᠠᠢ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠳᠤᠮᠳᠠᠳᠤ ᠰᠡᠷᠪᠢᠶ᠎ᠠ ᠶᠢᠨ | ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ | ᠃ | ᠲᠡᠷᠢᠭᠦᠯᠡᠭᠴᠢ ᠰᠢ ᠶᠢᠨ ᠫᠢᠩ ᠤᠨ ᠬᠠᠳᠤᠨ ᠫᠧᠩ ᠯᠢ ᠶᠤᠸᠠᠨ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ | ᠵᠡᠷᠭᠡ ᠪᠠᠷ᠎ᠠ ᠪᠣᠯᠤᠭᠰᠠᠳ ᠨᠢᠰᠭᠡᠯ ᠢᠶᠠᠷ ᠬᠠᠮᠲᠤ ᠬᠦᠷᠪᠡ᠃ | ᠰᠧᠷᠪᠢᠶ᠎ᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠢ ᠮᠢᠩ ᠪᠠᠰᠠ ᠨᠢᠰᠭᠡᠯ ᠤᠨ ᠪᠠᠭᠤᠳᠠᠯ ᠳᠤ ᠬᠦᠷᠴᠦ | ᠤᠭᠲᠤᠪᠠ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠭᠡᠯ ᠤᠨ ᠪᠠᠭᠤᠳᠠᠯ ᠠᠴᠠ ᠪᠠᠭᠤᠬᠰᠠᠨ ᠵᠣᠴᠢᠳ ᠤᠨ ᠪᠠᠭᠤᠳᠠᠯ ᠳᠤ ᠬᠦᠷᠬᠦ | ᠵᠠᠮ ᠵᠠᠭᠤᠷ᠎ᠡ᠂ ᠪᠤᠯᠭ᠍ᠷᠠᠳ᠋ ᠲᠤ ᠪᠠᠶᠠᠷ ᠪᠠᠶᠠᠰᠤᠯ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠳᠤᠮᠳᠠᠳᠤ ᠰᠡᠷᠪᠢᠶ᠎ᠠ | ᠬᠤᠶᠠᠷ ᠤᠯᠤᠰ ᠤᠨ ᠤᠯᠤᠰ ᠤᠨ ᠲᠤᠭ ᠭᠠᠵᠠᠷ ᠪᠣᠯᠭᠠᠨ ᠳᠤ ᠰᠠᠯᠬᠢᠨ ᠤ ᠠᠶ᠎ᠠ ᠪᠠᠷ ᠨᠠᠮᠢᠷᠠᠵᠤ᠂ ᠤᠯᠠᠨ ᠭᠠᠵᠠᠷ ᠲᠤ ︽ | ᠳᠤᠮᠳᠠᠳᠤ ᠤᠯᠤᠰ ᠤᠨ ᠤᠯᠠᠭᠠᠨ︾ ᠢ ᠭᠢᠯᠠᠯᠵᠠᠭᠤᠯᠵᠤ᠂ ᠲᠤᠮᠤ ᠡᠯᠧᠺᠲᠷᠣᠨ ᠳᠡᠯᠭᠡᠴᠡ ᠳᠡᠭᠡᠷ᠎ᠡ ︽ᠬᠠᠶᠢᠷᠠᠲᠤ ᠳᠤᠮᠳᠠᠳᠤ | ᠤᠯᠤᠰ ᠤᠨ ᠨᠠᠶᠢᠵᠠ ᠨᠠᠷ ᠢᠶᠠᠨ ᠬᠠᠯᠠᠭᠤᠨ ᠢᠶᠠᠷ ᠤᠭᠲᠤᠵᠤ ᠪᠠᠶᠢᠨ᠎ᠠ︾ ᠭᠡᠬᠦ ᠦᠰᠦᠭ ᠢᠯᠡᠷᠡᠵᠦ ᠪᠠᠶᠢᠪᠠ᠃ ᠰᠧᠷᠪᠢᠶ᠎ᠠ ᠳᠤ | ᠪᠠᠶᠢᠭ᠎ᠠ ᠳᠤᠮᠳᠠᠳᠤ ᠶᠢᠨ ᠬᠠᠷᠢᠶᠠᠲᠤ ᠪᠣᠯᠤᠨ ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠭᠴᠢᠳ ᠵᠢᠴᠢ ᠰᠡᠷᠪᠢᠶ᠎ᠠ ᠶᠢᠨ | ᠠᠷᠠᠳ ᠤᠯᠠᠨ ᠵᠠᠮ ᠤᠨ ᠬᠤᠶᠠᠷ ᠲᠠᠯ᠎ᠠ ᠪᠠᠷ ᠬᠦᠯᠢᠶᠡᠵᠦ᠂ ᠳᠤᠮᠳᠠᠳᠤ ᠰᠡᠷᠪᠢᠶ᠎ᠠ ᠬᠤᠶᠠᠷ ᠤᠯᠤᠰ ᠤᠨ ᠤᠯᠤᠰ ᠤᠨ ᠲᠤᠭ ᠢ | ᠬᠤᠷᠦ᠋ᠢᠯᠠᠵᠤ᠂ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠪᠡ᠃ | | ︵ᠰᠢᠨᠬᠤᠧᠠ ᠬᠤᠷᠢᠶ᠎ᠠ ᠶᠢᠨ ᠪᠧᠯᠭᠷᠠᠳ᠋ ᠤᠨ 5 ᠰᠠᠷ᠎ᠠ ᠶᠢᠨ 7 ᠤ ᠴᠠᠬᠢᠯᠭᠠᠨ ᠮᠡᠳᠡᠭᠡ︶ | | |