6 ᠰᠠᠷ᠎ᠠ ᠶᠢᠨ 7 ᠤ ᠡᠳᠦᠷ᠂ ᠭᠤᠣᠯ ᠤᠨ ᠪᠠᠶᠢᠰᠢᠩ ᠪᠠᠯᠭᠠᠰᠤ ︽ᠳᠥᠷᠪᠡ ᠶᠢ ᠴᠠᠭᠠᠵᠠᠯᠠᠬᠤ︾ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ ᠬᠤᠷᠠᠯ ᠢ | ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠬᠠᠮᠢᠶ᠎ᠠ ᠪᠦᠬᠦᠢ ᠠᠵᠢᠯ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠣᠳᠣᠬᠠᠨ ᠤ ᠪᠦᠬᠦ ᠪᠠᠯᠭᠠᠰᠤᠨ ᠤ ︽ᠳᠥᠷᠪᠡ ᠶᠢ ᠴᠠᠭᠠᠵᠠᠯᠠᠬᠤ︾ ᠠᠵᠢᠯ ᠢ | ᠥᠷᠨᠢᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠳᠠᠬᠢᠨ ᠴᠢᠬᠤᠯᠠᠴᠢᠯᠠᠵᠤ ᠳᠠᠬᠢᠨ | ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ | ᠬᠤᠷᠠᠯ ᠠᠴᠠ᠂ ︽ᠳᠥᠷᠪᠡ ᠶᠢ ᠴᠠᠭᠠᠵᠠᠯᠠᠬᠤ︾ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ | ᠳᠥᠷᠪᠡ ᠶᠢ ᠴᠠᠭᠠᠵᠠᠯᠠᠬᠤ︾ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ | ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠠᠤᠯᠢ ᠶᠢ ᠵᠥᠷᠢᠴᠡᠨ ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠣᠢ | ᠮᠣᠳᠣ ᠣᠭᠲᠣᠯᠬᠤ᠂ ᠦᠨᠳᠦᠰᠦᠨ ᠲᠠᠷᠢᠶᠠᠨ ᠭᠠᠵᠠᠷ ᠢ ᠡᠵᠡᠯᠡᠬᠦ ᠵᠢᠴᠢ ᠲᠠᠷᠢᠶᠠᠨ ᠭᠠᠵᠠᠷ ᠢ ᠡᠵᠡᠯᠡᠬᠦ ᠠᠰᠠᠭᠤᠳᠠᠯ ᠢ | ᠴᠢᠩᠭ᠎ᠠ ᠬᠤᠷᠢᠭᠯᠠᠵᠤ᠂ ︽ᠳᠥᠷᠪᠡ ᠶᠢ ᠴᠠᠭᠠᠵᠠᠯᠠᠬᠤ︾ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠪᠠᠶᠢᠭᠠᠯᠢ ᠶᠢᠨ ᠡᠬᠢ ᠪᠠᠶᠠᠯᠢᠭ ᠢ ᠰᠠᠬᠢᠵᠤ᠂ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠦᠴᠦᠯᠡᠵᠦ᠂ ᠬᠠᠷᠢᠭᠤᠴᠠᠯᠭ᠎ᠠ ᠶᠢ ᠲᠣᠳᠣᠷᠬᠠᠶᠢᠯᠠᠨ᠂ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠪᠣᠳᠠᠲᠠᠶᠢᠵᠢᠭᠤᠯᠵᠤ᠂ | ᠪᠠᠶᠢᠩᠭᠤ ᠶᠢᠨ ᠲᠣᠭᠤᠷᠢᠨ ᠪᠠᠶᠢᠴᠠᠭᠠᠵᠤ᠂ ᠱᠠᠩᠨᠠᠵᠤ ᠲᠣᠷᠭᠠᠬᠤ ᠶᠢ ᠴᠢᠩᠳᠠᠯᠠᠵᠤ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠡᠷᠬᠡᠪᠰᠢ ᠲᠤᠬᠠᠢ ᠶᠢᠨ ᠲᠠᠯᠠᠪᠤᠷ ᠲᠤᠨᠢ ᠲᠣᠬᠢᠲᠠᠢ | ᠰᠢᠢᠳᠪᠦᠷᠢᠯᠡᠬᠦ ᠬᠡᠷᠡᠭᠲᠡᠢ᠃ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠥᠷᠭᠡᠨ ᠢᠶᠠᠷ | ᠡᠷᠦᠬᠡ ᠳᠤ ᠣᠷᠣᠵᠤ ᠤᠬᠠᠭᠤᠯᠬᠤ ᠠᠵᠢᠯ ᠢ ᠥᠷᠨᠢᠭᠦᠯᠵᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ | ᠪᠠᠶᠢᠭᠠᠳ ᠮᠠᠯ ᠪᠡᠯᠴᠢᠭᠡᠷ ᠤᠨ ᠲᠡᠩᠴᠡᠭᠦᠷᠢ ᠪᠠ ︽ᠳᠥᠷᠪᠡ ᠶᠢ ᠴᠠᠭᠠᠵᠠᠯᠠᠬᠤ︾ ᠠᠵᠢᠯ ᠤᠨ ᠨᠤᠲᠤᠭ ᠪᠡᠯᠴᠢᠭᠡᠷ ᠤᠨ | ᠠᠮᠢ ᠠᠬᠤᠢ ᠶᠢ ᠬᠠᠮᠠᠭᠠᠯᠠᠬᠤ ᠪᠠ ᠮᠠᠯ ᠠᠵᠤ ᠠᠬᠤᠢ ᠶᠢ ᠬᠥᠭᠵᠢᠭᠦᠯᠬᠦ ᠳᠤ ᠦᠵᠡᠭᠦᠯᠬᠦ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠭᠤᠯᠵᠤ᠂ ︽ᠳᠥᠷᠪᠡ ᠶᠢ ᠴᠠᠭᠠᠵᠠᠯᠠᠬᠤ︾ ᠠᠵᠢᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ |