ᠪᠠᠶᠠᠨᠬᠤᠰᠢᠭᠤ ᠪᠠᠯᠭᠠᠰᠤ ᠣᠯᠠᠨ ᠲᠠᠯ᠎ᠠ ᠠᠴᠠ ᠬᠦᠴᠦᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠣᠭᠲᠠᠭᠤᠨ ᠢᠶᠠᠷ ᠠᠬᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/6/11
   ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠬᠤ ᠶᠢᠨ ᠲᠥᠯᠥᠭᠡ᠂ ᠪᠠᠶᠠᠨᠬᠤᠰᠢᠭᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠷᠢᠨ ᠨᠢᠮᠪᠠᠢ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠠᠮᠢ ᠠᠬᠤᠢ ᠶᠢᠨ ᠰᠠᠶᠢᠨ ᠰᠠᠶᠢᠬᠠᠨ ᠬᠤᠷᠢᠭ᠎ᠠ ᠱᠤᠭᠤᠮ ᠢ ᠪᠠᠲᠤ ᠰᠠᠬᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃    ᠪᠠᠶᠠᠨᠬᠤᠰᠢᠭᠤ ᠪᠠᠯᠭᠠᠰᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠳᠲᠡᠷ ᠲᠦᠷᠭᠡᠨ ᠬᠤᠷᠠᠯ ᠬᠤᠷᠠᠯᠳᠤᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠠᠷᠢᠨ ᠬᠢᠨᠠᠮᠠᠭᠠᠢ ᠰᠤᠳᠤᠯᠵᠤ᠂ ᠨᠠᠷᠢᠨ ᠨᠢᠮᠪᠠᠢ ᠪᠠᠶᠢᠷᠢᠯᠠᠭᠤᠯᠪᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠤᠰᠬᠠᠢ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠡᠰᠡᠭ ᠢ ᠳᠠᠭᠠᠭᠠᠴᠢᠯᠠᠭᠰᠠᠨ ᠤᠳᠤᠷᠢᠳᠤᠯᠭ᠎ᠠ ᠪᠣᠳᠠᠲᠠᠢ ᠠᠳᠬᠤᠭᠰᠠᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠪᠠᠯᠭᠠᠰᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠣᠷᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠨ᠂ ᠲᠣᠭᠤᠷᠢᠭ ᠬᠤᠪᠢᠶᠠᠬᠤ᠂ ᠬᠡᠰᠡᠭ ᠬᠤᠪᠢᠶᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠠᠷᠭ᠎ᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠤᠳᠠᠭ᠎ᠠ ᠬᠤᠪᠢᠶᠠᠨ ᠲᠣᠭᠲᠠᠭᠰᠠᠨ ᠦᠭᠡᠢ᠂ ᠲᠣᠭᠲᠠᠭᠰᠠᠨ ᠴᠠᠭ ᠦᠭᠡᠢ᠂ ᠲᠣᠭᠲᠠᠭᠰᠠᠨ ᠴᠠᠭ ᠦᠭᠡᠢ ᠪᠦᠬᠦᠯᠢ ᠡᠳᠦᠷ ᠤᠨ᠂ ᠪᠠᠶᠢᠩᠭᠤᠵᠢᠭᠰᠠᠨ᠂ ᠥᠨᠴᠥᠭ ᠪᠤᠯᠤᠩ ᠦᠭᠡᠢ ᠲᠣᠭᠤᠷᠢᠨ ᠪᠠᠶᠢᠴᠠᠭᠠᠯᠲᠠ ᠬᠢᠵᠦ᠂ ᠪᠠᠯᠭᠠᠰᠤ᠂ ᠭᠠᠴᠠᠭ᠎ᠠ ᠬᠤᠶᠠᠷ ᠱᠠᠲᠤᠨ ᠤ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠣᠢ ᠪᠣᠯᠭᠠᠪᠠ᠃    ᠸᠢᠴᠠᠲ ᠤᠨ ᠨᠡᠶᠢᠲᠡ ᠶᠢᠨ ᠳ᠋ᠤᠭᠠᠷ᠂ ︽ᠲᠣᠰᠬᠤᠨ ᠪᠣᠯᠭᠠᠨ ᠳᠤ ᠳᠠᠭᠤᠷᠢᠰᠬᠤ︾ ᠪᠦᠷᠢᠶ᠎ᠡ᠂ ︽ᠭᠡᠷ ᠤᠨ ᠡᠭᠦᠳᠡ︾ ᠶᠢᠨ ᠵᠣᠭᠤᠭᠳᠠᠬᠤ ᠠᠩᠭᠢ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠠᠰᠢᠭᠯᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠶᠢᠨ ᠨᠡᠶᠢᠲᠡᠯᠢᠭ ᠵᠢᠱᠢᠶ᠎ᠡ ᠶᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠡᠷᠦᠬᠡ ᠳᠤ ᠣᠷᠣᠵᠤ ︽ᠤᠬᠠᠭᠤᠯᠤᠭᠴᠢ︾ ᠪᠣᠯᠬᠤ ᠪᠠᠷ ᠢᠳᠡᠪᠬᠢᠲᠡᠢ ᠰᠤᠷᠪᠤᠯᠵᠢᠯᠠᠵᠤ᠂ ᠪᠠᠶᠢᠳᠠᠯ ᠢ ᠣᠶᠢᠯᠠᠭᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠢ ᠤᠬᠠᠭᠤᠯᠵᠤ ᠂ ᠮᠠᠯᠴᠢᠨ ᠲᠠᠷᠢᠶᠠᠴᠢᠨ ᠤ ᠤᠬᠠᠮᠰᠠᠷ ᠠᠴᠠ ᠪᠠᠨ ᠬᠠᠰᠢᠶᠠᠯᠠᠨ ᠲᠡᠵᠢᠭᠡᠬᠦ ᠪᠠ ᠠᠮᠢ ᠠᠬᠤᠢ ᠶᠢᠨ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠲᠤᠬᠠᠢ ᠲᠠᠨᠢᠯᠲᠠ ᠶᠢ ᠴᠢᠷᠮᠠᠶᠢᠨ ᠳᠡᠭᠡᠭᠰᠢᠯᠡᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠰᠠᠨᠠᠭᠠᠴᠢᠯᠠᠭ᠎ᠠ ᠠᠴᠠ ᠪᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠰᠢ ᠬᠤᠪᠢᠷᠠᠭᠤᠯᠬᠤ ᠬᠡᠷᠡᠭᠲᠡᠢ᠃    ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ ᠪᠠ ᠲᠠᠰᠢᠷᠠᠮ ᠢᠶᠠᠷ ᠲᠣᠭᠤᠷᠢᠨ ᠪᠠᠶᠢᠴᠠᠭᠠᠬᠤ ᠶᠢ ᠵᠡᠷᠭᠡ ᠪᠠᠷ ᠠᠬᠢᠭᠤᠯᠬᠤ ᠠᠷᠭ᠎ᠠ ᠬᠡᠯᠪᠡᠷᠢ ᠶᠢ ᠠᠪᠴᠤ᠂ ᠢᠳᠬᠠᠨ ᠵᠢᠯᠣᠭᠤᠳᠬᠤ᠂ ᠤᠬᠠᠭᠤᠯᠬᠤ ᠪᠠᠷ ᠭᠤᠣᠯ ᠪᠣᠯᠭᠠᠬᠤ᠂ ᠰᠢᠳᠬᠡᠬᠦ ᠪᠠᠷ ᠬᠠᠪᠰᠤᠷᠤᠮᠵᠢ ᠪᠣᠯᠭᠠᠬᠤ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠨ᠂ ᠡᠯ᠎ᠡ ᠭᠠᠴᠠᠭ᠎ᠠ ᠳᠤ ᠭᠦᠨᠵᠡᠭᠡᠶᠢᠷᠡᠨ ᠬᠠᠤᠯᠢ ᠬᠡᠷᠡᠭᠵᠢᠭᠦᠯᠵᠦ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠬᠠᠤᠯᠢ ᠠᠴᠠ ᠵᠥᠷᠢᠴᠡᠨ ᠬᠤᠯᠠᠭᠠᠶᠢᠯᠠᠨ ᠮᠠᠯᠵᠢᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠥᠨᠳᠥᠷ ᠳᠠᠷᠤᠯᠲᠠᠲᠤ ᠪᠠᠶᠢᠳᠠᠯ᠂ ᠬᠦᠴᠦᠲᠡᠢ ᠠᠷᠭ᠎ᠠ ᠬᠡᠮᠵᠢᠶ᠎ᠡ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ︽ᠬᠤᠨᠣᠵᠤ ᠬᠡᠪᠲᠡᠬᠦ᠂ ᠬᠠᠮᠢᠶᠠᠷᠴᠤ ᠵᠣᠬᠢᠴᠠᠭᠤᠯᠬᠤ ᠠᠵᠢᠯ ᠢ ᠰᠠᠶᠢᠲᠤᠷ ᠬᠢᠬᠦ᠂ ᠳᠠᠬᠢᠨ ᠰᠡᠷᠭᠦᠭᠡᠬᠦ ᠦᠭᠡᠢ︾ ᠪᠠᠶᠢᠬᠤ ᠶᠢ ᠪᠡᠶᠡᠯᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠳᠡᠭᠡᠭᠰᠢᠯᠡᠭᠦᠯᠦᠨ ᠪᠠᠬᠢᠵᠢᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号