ᠵᠤᠨ ᠤ ᠳᠤᠮᠳᠠ ᠤᠯᠠᠷᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠪᠣᠯᠭᠠᠨ ᠳᠤ | ᠬᠠᠲᠤᠨ ᠭᠤᠣᠯ ᠢ ᠣᠨᠢᠰᠤᠯᠠᠭᠰᠠᠨ᠂ ᠰᠢᠨ᠎ᠡ ᠨᠣᠭᠤᠭᠠᠨ ᠥᠩᠭᠡ ᠤᠷᠭᠤᠬᠤ ᠶᠠᠭᠠᠷᠠᠯᠲᠠᠢ ᠪᠠᠶᠢᠳᠠᠯ ᠬᠠᠷᠠᠭᠳᠠᠨ᠎ᠠ᠃ | ᠥᠷᠭᠡᠨ ᠣᠯᠠᠨ ᠺᠠᠳ᠋ᠷ ᠣᠯᠠᠨ ᠲᠦᠮᠡᠨ ᠡᠯᠡᠰᠦᠷᠬᠡᠭ ᠭᠠᠵᠠᠷ ᠤᠷᠤᠭᠤ ᠳᠠᠪᠰᠢᠵᠤ᠂ ᠣᠶᠢᠵᠢᠭᠤᠯᠵᠤ ᠡᠯᠡᠰᠦ ᠶᠢ | ᠵᠠᠰᠠᠬᠤ ᠬᠠᠯᠠᠭᠤᠨ ᠥᠷᠨᠢᠯᠲᠡ ᠭᠠᠷᠭᠠᠪᠠ︔ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠵᠡᠷᠭᠡ ᠭᠤᠣᠯᠳᠠᠯᠭ᠎ᠠ ᠲᠠᠢ | ᠠᠮᠢ ᠠᠬᠤᠢ ᠶᠢᠨ ᠢᠨᠵᠧᠨᠧᠷᠢᠩ ᠢ ᠪᠦᠬᠦ ᠲᠠᠯ᠎ᠠ ᠪᠠᠷ ᠥᠷᠨᠢᠭᠦᠯᠵᠦ᠂ ᠤᠯᠠᠮ ᠢᠶᠠᠷ ᠰᠠᠶᠢᠵᠢᠷᠠᠯᠲᠠ ᠲᠠᠢ ᠪᠣᠯᠭᠠᠪᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠬᠥᠪᠡᠭᠡ ᠶᠢᠨ ᠪᠦᠰᠡ ᠳᠤ | ᠪᠠᠶᠢᠷᠢᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠵᠠᠬ᠎ᠠ ᠬᠢᠵᠠᠭᠠᠷ ᠣᠷᠣᠨ ᠢ ᠭᠠᠳᠠᠭᠰᠢ ᠳᠡᠯᠭᠡᠷᠡᠭᠦᠯᠬᠦ ᠶᠢ | ᠬᠤᠷᠢᠭᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠤᠢ᠃ ᠨᠢᠳᠤᠨᠤᠨ ᠤ 6 ᠰᠠᠷ᠎ᠠ ᠳᠤ᠂ ᠴᠦᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠭᠤᠷᠪᠠᠨ ᠤᠮᠠᠷᠠᠲᠤ︾ ᠶᠢᠨ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠥᠪᠥᠷ ᠮᠣᠩᠭᠤᠯ ᠳᠤ | ᠬᠤᠷᠠᠯᠳᠤᠵᠤ᠂ ᠬᠤᠷᠠᠯ ᠳᠡᠭᠡᠷ᠎ᠡ ︽ᠨᠢᠭᠡ ᠤᠳᠠᠭᠠᠨ ᠤ ︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠬᠢᠬᠦ︾ ᠤᠷᠢᠶᠠᠯᠠᠭ᠎ᠠ ᠭᠠᠷᠭᠠᠵᠤ᠂ ︽ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠪᠠ᠃ ᠬᠢᠩᠭᠠᠨ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠣᠣᠷ᠎ᠠ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠶᠡᠭᠡ | ᠳᠠᠶᠢᠯᠠᠯᠳᠤᠭᠠᠨ ᠳᠤ ᠣᠷᠣᠯᠴᠠᠬᠤ ᠣᠮᠤᠭ ᠵᠣᠷᠢᠭ ᠪᠠ ᠬᠡᠪ ᠤᠨ ᠪᠠᠶᠢᠳᠠᠯ ᠠᠴᠠ ᠳᠠᠪᠠᠭᠰᠠᠨ ᠡᠷᠴᠢᠮ ᠢᠶᠠᠷ ᠰᠢᠨ᠎ᠡ | ᠡᠨᠧᠷᠭᠢ ᠶᠢᠨ ᠡᠯᠡᠰᠦ ᠶᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠣᠯᠠᠨ ᠲᠦᠮᠡᠨ ᠤ ᠡᠯᠡᠰᠦ ᠶᠢ | ᠵᠠᠰᠠᠬᠤ᠂ ᠨᠡᠶᠢᠭᠡᠮ ᠤᠨ ᠡᠯᠡᠰᠦ ᠶᠢ ᠵᠠᠰᠠᠬᠤ ᠪᠠ ᠦᠷ᠎ᠡ ᠠᠰᠢᠭ ᠢᠶᠠᠷ ᠡᠯᠡᠰᠦ ᠶᠢ ᠵᠠᠰᠠᠬᠤ ︽ᠲᠠᠪᠤᠨ ᠵᠦᠢᠯ ᠤᠨ | ᠡᠯᠡᠰᠦ ᠶᠢ ᠵᠠᠰᠠᠬᠤ ᠵᠠᠭᠪᠤᠷ︾ ᠤᠨ ᠲᠣᠭᠤᠷᠢᠨ ᠳᠤ᠂ ᠬᠤᠷᠴᠢᠨ ᠤ ᠡᠯᠡᠰᠦᠷᠬᠡᠭ ᠭᠠᠵᠠᠷ ᠤᠨ ︽ᠱᠠᠯᠢᠭ ᠵᠠᠪᠬᠠᠢ ᠶᠢ | ᠤᠰᠠᠳᠬᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠴᠠᠭᠠᠨ ᠢ ᠵᠠᠰᠠᠬᠤ︾ ᠭᠤᠷᠪᠠᠨ ᠶᠡᠭᠡ ᠠᠵᠢᠯᠯᠠᠭ᠎ᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠵᠢᠯ ᠤᠨ ᠳᠣᠲᠣᠷ᠎ᠠ ︽ᠪᠦᠬᠦ ᠴᠠᠷᠠᠭ᠎ᠠ ᠪᠠᠷ ᠱᠠᠯᠢᠭ ᠵᠠᠪᠬᠠᠢ ᠶᠢ | ᠤᠰᠠᠳᠬᠠᠬᠤ︾ ᠬᠠᠷᠠᠯᠲᠠ ᠶᠢ ᠪᠡᠶᠡᠯᠡᠭᠦᠯᠦᠨ᠎ᠡ᠃ ᠡᠨᠡ ᠬᠡᠳᠦᠨ ᠡᠳᠦᠷ᠂ ᠪᠣᠷᠣᠭᠠᠨ ᠤ ᠤᠯᠠᠷᠢᠯ ᠬᠦᠷᠴᠦ | ᠢᠷᠡᠬᠦ ᠠᠴᠠ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠵᠠᠰᠠᠯᠲᠠ ᠶᠢᠨ ᠣᠷᠣᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠡᠪᠡᠰᠦ ᠮᠣᠳᠣ ᠲᠠᠷᠢᠵᠤ᠂ ᠡᠯᠡᠰᠦ ᠶᠢ ᠰᠡᠷᠭᠡᠶᠢᠯᠡᠨ ᠵᠠᠰᠠᠵᠤ᠂ | ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠳᠠᠶᠢᠴᠢᠨᠲᠠᠯ᠎ᠠ ᠰᠤᠮᠤ ᠶᠢᠨ ᠵᠡᠯ᠎ᠡ ᠶᠢᠨ ᠬᠤᠸᠠ ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ | ᠲᠤᠬᠠᠢ ᠶᠢᠨ ᠲᠠᠯᠠᠪᠠᠢ ᠳᠤ ᠬᠦᠷᠬᠦ ᠳᠤ᠂ ᠮᠠᠩᠬᠠᠨ ᠰᠢᠷ᠎ᠠ ᠡᠯᠡᠰᠦ ᠶᠢ ᠬᠡᠳᠦᠨ ᠲᠦᠮᠡᠨ ᠡᠯᠡᠰᠦᠨ ᠬᠠᠯᠬᠠᠪᠴᠢ ᠪᠣᠯᠭᠠᠨ | ᠲᠣᠭᠲᠠᠭᠠᠵᠠᠢ᠃ ᠨᠥᠭᠦᠭᠡ ᠲᠠᠯ᠎ᠠ ᠪᠠᠷ᠂ ᠬᠠᠭᠠᠯᠪᠤᠷᠢᠯᠠᠬᠤ ᠦᠭᠡᠢ ᠪᠠᠷ ᠨᠥᠬᠦᠵᠦ ᠲᠠᠷᠢᠬᠤ ᠮᠠᠰᠢᠨ ᠨᠢ ᠡᠯᠡᠰᠦᠷᠬᠡᠭ | ᠭᠠᠵᠠᠷ ᠲᠤ ᠨᠠᠰᠢ ᠴᠠᠰᠢ ᠰᠦᠯᠵᠢᠯᠳᠦᠵᠦ᠂ ᠦᠷ᠎ᠡ ᠰᠠᠴᠤᠵᠤ᠂ ᠡᠪᠡᠰᠦᠨ ᠦᠷ᠎ᠡ ᠶᠢ ᠤᠷᠤᠭᠰᠢᠲᠠᠢ ᠪᠠᠷ ︽ | ᠨᠤᠲᠤᠭᠰᠢᠭᠤᠯᠵᠤ︾ ᠪᠠᠶᠢᠪᠠ᠃ | ︽ᠳᠠᠶᠢᠴᠢᠨᠲᠠᠯ᠎ᠠ ᠠᠳᠡ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠰᠡᠶᠢᠷᠡᠭ᠂ ᠬᠥᠷᠥᠰᠥᠨ ᠤ | ᠰᠠᠯᠬᠢᠨ ᠤ ᠢᠳᠡᠭᠳᠡᠯ ᠬᠦᠨᠳᠦ ᠨᠣᠴᠢᠲᠠᠢ ᠪᠠᠶᠢᠵᠤ᠂ ᠬᠠᠭᠠᠯᠪᠤᠷᠢᠯᠠᠬᠤ ᠦᠭᠡᠢ ᠪᠠᠷ ᠨᠥᠬᠦᠵᠦ ᠲᠠᠷᠢᠬᠤ ᠳᠤ ᠬᠥᠮᠦᠨ ᠤ | ᠬᠦᠴᠦ ᠪᠠᠷ ᠡᠯᠡᠰᠦ ᠶᠢ ᠵᠠᠰᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ᠂ | ᠪᠠᠰᠠ ᠴᠢᠭᠢᠭ ᠢ ᠬᠠᠮᠠᠭᠠᠯᠠᠵᠤ᠂ ᠬᠥᠷᠥᠰᠥᠨ ᠤ ᠣᠷᠭᠠᠨᠢᠭ ᠪᠣᠳᠠᠰ ᠢ ᠨᠡᠮᠡᠭᠳᠡᠭᠦᠯᠵᠦ ᠴᠢᠳᠠᠨ᠎ᠠ︾ ᠭᠡᠵᠡᠢ᠃ ᠮᠧᠩ | ᠼᠤᠤ ᠠᠮᠢ ᠠᠬᠤᠢ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠲᠥᠷᠥᠯ ᠵᠦᠢᠯ ᠤᠨ ᠳᠠᠭᠠᠭᠠᠮᠠᠯ ᠾᠧᠦ ᠶᠤᠸᠡᠢ ᠰᠤᠷᠪᠤᠯᠵᠢᠯᠠᠭᠴᠢ ᠳᠤ ᠬᠡᠯᠡᠪᠡ᠃ ᠭᠠᠵᠠᠷ ᠤᠨ ᠬᠡᠰᠡᠭ ᠢ ᠡᠮᠬᠢᠯᠡᠵᠦ᠂ | ᠨᠦᠬᠡ ᠮᠠᠯᠲᠠᠵᠤ᠂ ᠴᠢᠬᠢ ᠮᠣᠳᠣ ᠵᠥᠭᠡᠭᠡᠪᠦᠷᠢᠯᠡᠵᠦ᠂ ᠡᠯᠡᠰᠦᠨ ᠬᠠᠯᠬᠠᠪᠴᠢ ᠶᠢᠨ ᠪᠠᠶᠢᠷᠢᠯᠠᠭᠤᠯᠤᠯᠲᠠ ᠶᠢ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠡᠮᠦᠨ᠎ᠡ ᠭᠤᠷᠪᠠᠨ ᠰᠤᠮᠤ︾ ᠶᠢᠨ ᠬᠤᠶᠠᠷᠰᠤᠮᠤ ᠪᠠᠯᠭᠠᠰᠤᠨ ᠤ | ᠬᠤᠸᠠᠷ ᠤᠨ ᠳ᠋ᠧᠩ ᠭᠠᠴᠠᠭ᠎ᠠ ᠶᠢᠨ ︽ᠬᠠᠭᠠᠰ ᠨᠡᠭᠦᠳᠡᠯ︾ ᠡᠯᠡᠰᠦᠨ ᠳᠣᠪᠤ ᠲᠠᠢ ᠭᠠᠵᠠᠷ ᠲᠤ 1200 ᠭᠠᠷᠤᠢ ᠺᠠᠳ᠋ᠷ | ᠣᠯᠠᠨ ᠲᠦᠮᠡᠨ ᠮᠢᠩᠭ᠎ᠠ ᠭᠠᠷᠤᠢ ᠮᠦ ᠢᠯᠡ ᠡᠯᠡᠰᠦᠨ ᠭᠠᠵᠠᠷ ᠢ ᠲᠡᠭᠰᠢᠯᠡᠵᠦ᠂ ᠨᠦᠬᠡ ᠮᠠᠯᠲᠠᠵᠤ᠂ ᠴᠢᠬᠢ ᠮᠣᠳᠣ | ᠵᠥᠭᠡᠭᠡᠪᠦᠷᠢᠯᠡᠵᠦ᠂ ᠡᠯᠡᠰᠦᠨ ᠬᠠᠯᠬᠠᠪᠴᠢ ᠲᠣᠬᠢᠷᠠᠭᠤᠯᠤᠭᠰᠠᠨ ᠪᠠᠶᠢᠨ᠎ᠠ᠃ ᠡᠨᠡ ᠵᠢᠯ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠬᠡᠷᠡᠭᠵᠢᠭᠦᠯᠬᠦ ᠬᠡᠰᠡᠭ ᠣᠷᠣᠨ ᠢᠶᠠᠷ ᠭᠤᠣᠯᠳᠠᠯᠭ᠎ᠠ | ᠪᠣᠯᠭᠠᠵᠤ᠂ ᠮᠠᠯᠴᠢᠨ ᠲᠠᠷᠢᠶᠠᠴᠢᠨ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠠᠵᠢᠯ ᠣᠯᠭᠤᠯᠲᠠ ᠪᠠᠷ | ᠲᠡᠳᠬᠦᠮᠵᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ | ᠨᠥᠬᠦᠪᠥᠷᠢᠯᠡᠬᠦ ᠶᠢ ᠣᠷᠣᠯᠠᠭᠤᠯᠬᠤ᠂ ᠭᠠᠴᠠᠭᠠᠨ ᠤ ᠬᠠᠮᠲᠤ ᠪᠠᠷ ᠡᠯᠡᠰᠦ ᠶᠢ ᠵᠠᠰᠠᠬᠤ᠂ ᠬᠤᠯᠪᠣᠭᠠᠲᠤ ᠴᠣᠭᠴᠠ ᠶᠢᠨ | ᠡᠯᠡᠰᠦ ᠶᠢ ᠵᠠᠰᠠᠬᠤ ᠵᠡᠷᠭᠡ ᠲᠥᠯᠥᠪᠦᠷᠢ ᠲᠠᠢ ᠬᠥᠳᠡᠯᠮᠦᠷᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠡᠭᠦᠷᠭᠡ ᠶᠢ ᠡᠭᠦᠷᠭᠡᠯᠡᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠢᠳᠡᠪᠬᠢᠲᠡᠢ ᠣᠷᠣᠯᠴᠠᠭᠤᠯᠤᠨ᠎ᠠ᠃ ᠣᠳᠣᠬᠠᠨ ᠪᠣᠯᠲᠠᠯ᠎ᠠ᠂ ᠨᠡᠶᠢᠲᠡ | 15251 ᠮᠠᠯᠴᠢᠨ ᠲᠠᠷᠢᠶᠠᠴᠢᠨ ᠣᠷᠣᠯᠴᠠᠵᠠᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠ | ᠬᠤᠶᠢᠲᠤ ᠬᠡᠰᠡᠭ ᠤᠨ ᠭᠦᠢᠬᠡᠨ ᠠᠭᠤᠯᠠ ᠳᠣᠪᠣᠷᠬᠠᠭ ᠭᠠᠵᠠᠷ ᠲᠤ ᠪᠠᠶᠢᠭ᠎ᠠ ᠳᠥᠷᠥᠯᠵᠢ ᠪᠠᠯᠭᠠᠰᠤᠨ ᠤ ᠶᠠᠮᠣᠨᠮᠣᠳᠣ | ᠭᠠᠴᠠᠭᠠᠨ ᠤ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ ᠣᠳᠣᠬᠠᠨ ᠳᠤ ᠪᠣᠭᠤᠮᠲᠠ ᠰᠢᠪᠲᠤᠯᠬᠤ ᠱᠠᠲᠤᠨ ᠳᠤ | ᠣᠷᠣᠵᠠᠢ᠃ ᠴᠥᠭᠡᠨ ᠪᠤᠰᠤ ᠮᠣᠳᠣ ᠲᠠᠷᠢᠬᠤ ᠨᠥᠬᠦᠴᠡᠯ ᠠᠨᠠᠢ ᠭᠠᠵᠠᠷ ᠤᠨ ᠮᠣᠳᠣᠨ ᠤ ᠵᠤᠯᠵᠠᠭ᠎ᠠ ᠮᠣᠳᠣ ᠶᠢ | ᠬᠥᠮᠦᠨ ᠡᠭᠦᠷᠴᠦ ᠬᠠᠭᠠᠰ ᠠᠭᠤᠯᠠ ᠬᠠᠳᠠᠨ ᠳᠤ ᠵᠥᠭᠡᠭᠡᠪᠦᠷᠢᠯᠡᠨ ᠬᠦᠷᠭᠡᠬᠦ ᠬᠡᠷᠡᠭᠲᠡᠢ᠂ ᠵᠠᠷᠢᠮ ᠡᠭᠴᠡ ᠡᠯᠡᠰᠦᠨ ᠪᠡᠯ | ᠴᠢᠨᠠᠭᠰᠢᠯᠠᠭᠠᠳ ᠵᠢᠯᠣᠭᠤᠴᠢ ᠦᠭᠡᠢ ᠨᠢᠰᠬᠡᠯ ᠢᠶᠠᠷ ᠳᠡᠭᠦᠵᠢᠯᠡᠨ ᠵᠥᠭᠡᠭᠡᠪᠦᠷᠢᠯᠡᠬᠦ ᠬᠡᠷᠡᠭᠲᠡᠢ᠃ ᠬᠠᠪᠤᠷ ᠤᠨ | ᠲᠠᠷᠢᠶᠠᠯᠠᠭ᠎ᠠ ᠰᠠᠶ᠋ᠢᠬᠠᠨ ᠥᠩᠭᠡᠷᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠠᠵᠠᠮ ᠰᠤᠮᠤ ᠶᠢᠨ | ᠵᠢᠷᠠᠨ ᠳᠠᠪᠠᠭ᠎ᠠ ᠭᠠᠴᠠᠭ᠎ᠠ᠂ ᠪᠠᠶᠠᠨᠲᠣᠬᠤᠢ ᠭᠠᠴᠠᠭ᠎ᠠ ᠶᠢᠨ ᠵᠠᠰᠠᠯᠲᠠ ᠶᠢᠨ ᠣᠷᠣᠨ 2.52 ᠲᠦᠮᠡᠨ ᠰᠠᠭᠤᠷᠢ | ᠰᠢᠨ᠎ᠡ ᠪᠠᠷ ᠵᠠᠶᠢᠯᠠᠭᠰᠠᠨ ᠬᠠᠷᠭᠠᠨ᠎ᠠ ᠨᠢ ᠡᠯᠡᠰᠦᠷᠬᠡᠭ ᠭᠠᠵᠠᠷ ᠲᠤ ᠨᠣᠭᠤᠭᠠᠷᠠᠵᠤ ᠪᠠᠶᠢᠯ᠎ᠠ᠃ ᠡᠭᠦᠨ ᠤ ᠵᠡᠷᠭᠡᠴᠡᠭᠡ | ᠡᠯᠡᠰᠦᠨ ᠰᠢᠭᠤᠷᠭ᠎ᠠ ᠳᠡᠪᠢᠰᠬᠦ ᠠᠵᠢᠯ ᠴᠤ ᠰᠢᠪᠲᠤᠷᠭᠠᠨ ᠤ ᠱᠠᠲᠤᠨ ᠳᠤ ᠣᠷᠣᠪᠠ᠃ ︽ᠣᠳᠣᠬᠠᠨ ᠪᠣᠯᠲᠠᠯ᠎ᠠ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 12 ᠰᠤᠮᠤ ᠪᠠᠯᠭᠠᠰᠤ᠂ 440 ᠭᠠᠷᠤᠢ ᠠᠵᠢᠯᠯᠠᠬᠤ | ᠲᠣᠭᠤᠷᠢᠭ ᠨᠢᠭᠡᠨᠲᠡ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠡᠯᠡᠰᠦ ᠶᠢ | ᠵᠠᠰᠠᠵᠤ ᠣᠶᠢᠵᠢᠭᠤᠯᠤᠭᠰᠠᠨ ᠲᠠᠯᠠᠪᠠᠢ ᠨᠡᠶᠢᠲᠡ 8.6 ᠲᠦᠮᠡᠨ ᠮᠦ ᠳᠤ ᠬᠦᠷᠴᠡᠢ︾ ᠭᠡᠪᠡ᠃ |