4 ᠵᠦᠢᠯ ᠤᠨ ᠪᠤᠷᠤᠭᠤ ᠮᠦᠷᠳᠡᠭᠡᠨ ᠦᠷᠭᠦᠯᠵᠢ ᠬᠠᠷᠠᠭᠳᠠᠳᠠᠭ ᠨᠣᠭᠤᠭ᠎ᠠ ᠤᠬᠢᠶᠠᠬᠤ ᠠᠷᠭ᠎ᠠ 1. ᠢᠳᠡᠰᠢᠨ | ᠨᠣᠭᠤᠭ᠎ᠠ ᠶᠢ ᠤᠳᠠᠭᠠᠨ ᠳᠡᠪᠲᠦᠭᠡᠬᠦ᠄ ᠢᠳᠡᠰᠢᠨ ᠨᠣᠭᠤᠭ᠎ᠠ ᠶᠢ ᠤᠳᠠᠭᠠᠨ ᠳᠡᠪᠲᠦᠭᠡᠪᠡᠯ ᠢᠳᠡᠰᠢᠨ ᠨᠣᠭᠤᠭ᠎ᠠ ᠶᠢᠨ | ᠡᠰ ᠤᠨ ᠬᠠᠨ᠎ᠠ ᠶᠢ ᠵᠥᠭᠡᠯᠡᠷᠡᠭᠦᠯᠬᠦ ᠶᠢᠨ ᠤᠯᠠᠮ ᠢᠶᠠᠷ ᠢᠳᠡᠰᠢᠨ ᠨᠣᠭᠤᠭ᠎ᠠ ᠳᠤ ᠲᠠᠷᠢᠶᠠᠨ ᠡᠮ ᠪᠣᠯᠤᠨ ᠪᠤᠰᠤᠳ | ᠪᠣᠬᠢᠷᠲᠤᠯ ᠪᠣᠳᠠᠰ ᠨᠠᠩ ᠠᠮᠠᠷᠬᠠᠨ ᠨᠡᠪᠴᠢᠵᠦ ᠤᠷᠤᠨ᠎ᠠ᠃ ᠡᠭᠦᠨ ᠠᠴᠠ ᠭᠠᠳᠠᠨ᠎ᠠ᠂ ᠵᠠᠷᠢᠮ ᠤᠰᠤᠨ ᠳᠤ ᠠᠭᠤᠰᠬᠤ | ᠴᠢᠨᠠᠷᠲᠠᠶ ᠸᠢᠲ᠋ᠠᠮᠢᠨ ᠨᠢ ᠤᠰᠤᠨ ᠳᠤ ᠠᠭᠤᠰᠴᠤ᠂ ᠰᠢᠮ᠎ᠡ ᠲᠡᠵᠢᠭᠡᠯ ᠢ ᠨᠢ ᠠᠯᠳᠠᠭᠤᠯᠳᠠᠭ ᠪᠠᠶᠢᠨ᠎ᠠ᠃ 2. | ᠤᠬᠢᠶᠠᠯᠭ᠎ᠠ ᠶᠢᠨ ᠡᠳ᠋ ᠢ ᠭᠡᠳᠦ ᠠᠷᠪᠢᠨ ᠬᠡᠷᠡᠭᠯᠡᠬᠦ᠄ ᠤᠬᠢᠶᠠᠯᠭ᠎ᠠ ᠶᠢᠨ ᠡᠳ᠋ ᠤᠨ ᠲᠤᠳᠤᠷᠠᠬᠢ ᠬᠢᠮᠢ ᠶᠢᠨ | ᠪᠦᠷᠢᠯᠳᠦᠬᠦᠨ ᠢ ᠲᠦᠯᠪᠤᠷᠢᠲᠠᠢ ᠤᠬᠢᠶᠠᠬᠤ ᠦᠭᠡᠢ ᠪᠣᠯ ᠢᠳᠡᠰᠢᠨ ᠨᠣᠭᠤᠭ᠎ᠠ ᠶᠢᠨ ᠭᠠᠳᠠᠷᠭᠤ ᠳᠡᠭᠡᠷ᠎ᠡ ᠦᠯᠡᠳᠡᠭᠳᠡᠵᠦ | ᠂ ᠬᠤᠶᠠᠳᠠᠬᠢ ᠪᠣᠬᠢᠷᠲᠤᠯ ᠢ ᠡᠭᠦᠰᠭᠡᠵᠦ᠂ ᠡᠷᠡᠭᠦᠯ ᠮᠡᠨᠳᠦ ᠶᠢ ᠨᠥᠯᠥᠭᠡᠯᠡᠳᠡᠭ᠃ 3. ᠤᠷᠢᠳ ᠢᠶᠠᠷ ᠬᠡᠷᠴᠢᠵᠦ | ᠳᠠᠷᠠᠭ᠎ᠠ ᠨᠢ ᠤᠬᠢᠶᠠᠬᠤ᠄ ᠢᠳᠡᠰᠢᠨ ᠨᠣᠭᠤᠭ᠎ᠠ ᠶᠢ ᠤᠷᠢᠳ ᠢᠶᠠᠷ ᠬᠡᠷᠴᠢᠵᠦ ᠳᠠᠷᠠᠭ᠎ᠠ ᠨᠢ ᠤᠬᠢᠶᠠᠪᠠᠯ ᠢᠳᠡᠰᠢᠨ | ᠨᠣᠭᠤᠭ᠎ᠠ ᠶᠢᠨ ᠳᠣᠲᠣᠷᠠᠬᠢ ᠮᠠᠰᠢ ᠣᠯᠠᠨ ᠰᠢᠮ᠎ᠡ ᠲᠡᠵᠢᠭᠡᠯ ᠤᠨ ᠪᠦᠷᠢᠯᠳᠦᠬᠦᠨ ᠨᠢ ᠬᠡᠷᠴᠢᠭᠰᠡᠨ ᠬᠡᠰᠡᠭ ᠢᠶᠠᠷ | ᠭᠠᠳᠠᠬᠰᠢ ᠠᠴᠠ ᠤᠷᠤᠰᠤᠨ ᠭᠠᠷᠴᠤ᠂ ᠤᠰᠤᠨ ᠳᠤ ᠠᠭᠤᠰᠳᠠᠭ᠃ 4. ᠨᠣᠭᠤᠭ᠎ᠠ ᠤᠬᠢᠶᠠᠬᠤ ᠮᠠᠰᠢᠨ ᠢᠶᠠᠷ | ᠤᠬᠢᠶᠠᠬᠤ᠄ ᠬᠡᠲᠦ ᠳᠠᠭᠤᠨ ᠳᠣᠯᠭᠢᠶᠠᠨ ᠢᠶᠠᠷ ᠨᠠᠪᠴᠢᠳᠦ ᠨᠣᠭᠤᠭ᠎ᠠ ᠶᠢ ᠤᠬᠢᠶᠠᠪᠠᠯ ᠦᠷ᠎ᠡ ᠳ᠋ᠦᠩ ᠨᠢ ᠲᠡᠶᠢᠮᠦ | ᠰᠠᠶᠢᠨ ᠪᠢᠰᠢ᠂ ᠲᠠᠷᠢᠶᠠᠨ ᠡᠮ ᠢ ᠵᠥᠪᠬᠡᠨ 53% ᠪᠠᠷ ᠠᠷᠢᠯᠭᠠᠵᠤ᠂ ᠠᠰᠢᠭᠯᠠᠮᠵᠢ ᠨᠢ ᠲᠣᠣᠷ᠎ᠠ ᠪᠤᠯᠳᠠᠭ᠃ | |