6 ᠰᠠᠷ᠎ᠠ ᠶᠢᠨ 7 ᠤ ᠦᠳᠡ ᠶᠢᠨ ᠡᠮᠦᠨ᠎ᠡ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ | ᠠᠯᠪᠠᠨ ᠭᠡᠷ ᠪᠡᠭᠡᠵᠢᠩ ᠳᠤ ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠰᠢᠷᠢᠰ ᠭᠤᠣᠯ ᠰᠡᠳᠦᠪᠲᠦ ᠰᠣᠨᠢᠨ | ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ᠴᠢᠨᠠᠷ ᠰᠠᠶᠢᠲᠠᠶ ᠬᠥᠭᠵᠢᠯᠲᠡ ᠬᠡᠬᠦ ᠲᠡᠷᠢᠭᠦᠨ | ᠴᠢᠬᠤᠯᠠ ᠡᠭᠦᠷᠭᠡ ᠲᠠᠢ ᠨᠢᠬᠳᠠ ᠤᠶᠠᠯᠳᠤᠭᠤᠯᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪ ᠢᠶᠠᠷ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢᠨ | ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠸᠠᠩ ᠯᠢ ᠰᠢᠶᠠ᠂ ᠨᠢᠳᠤᠨᠤᠨ ᠶᠡᠷᠦᠩᠬᠡᠢ ᠱᠦᠵᠢ ᠰᠢ ᠶᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠵᠤ᠂ ᠪᠢᠳᠡᠨ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ | ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠭᠡᠷᠡᠢ ᠭᠡᠵᠦ ᠵᠣᠷᠢᠭᠵᠢᠭᠤᠯᠪᠠ᠃ ᠣᠷᠣᠨ ᠳᠠᠶᠠᠭᠠᠷ ᠢᠶᠠᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠠᠩᠬᠠᠷᠤᠯ ᠢᠶᠠᠨ | ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠴᠢᠨᠠᠷ ᠰᠠᠶᠢᠲᠠᠶ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠳᠤ ᠠᠮᠢᠵᠢᠷᠠᠯ ᠤᠨ | ᠬᠦᠴᠦᠨ ᠢᠶᠠᠷ ᠪᠢᠯᠬᠠᠮ᠎ᠠ᠂ ᠴᠡᠴᠡᠭᠯᠡᠨ ᠬᠥᠭᠵᠢᠭᠰᠡᠨ ᠦᠵᠡᠰᠭᠦᠯᠡᠩᠲᠦ ᠰᠠᠶᠢᠬᠠᠨ ᠪᠠᠶᠢᠳᠠᠯ ᠵᠯᠡᠷᠡᠪᠡ ᠭᠡᠵᠦ ᠬᠡᠯᠡᠪᠡ᠃ | ᠸᠠᠩ ᠯᠢ ᠰᠢᠶᠠ᠂ ᠥᠪᠥᠷ ᠮᠣᠩᠭᠤᠯ ᠳᠤ ᠪᠠᠶᠢᠭᠠᠯᠢ ᠶᠢᠨ ᠦᠩᠭᠡ ᠦᠵᠡᠮᠵᠢ ᠶᠢᠨ ᠢᠷᠠᠭᠤ ᠭᠠᠶᠢᠬᠠᠮᠰᠢᠭᠳᠤ | ᠭᠤᠸ᠎ᠠ ᠰᠠᠶᠢᠬᠠᠨ ᠪᠤᠢ᠃ 118 ᠲᠦᠮᠡᠨ ᠲᠡᠭᠰᠢ ᠳᠥᠷᠪᠡᠯᠵᠢᠨ ᠺᠢᠯᠣᠮᠧᠲᠷ ᠥᠷᠭᠡᠨ ᠠᠭᠤᠳᠠᠮ ᠡᠬᠡ ᠭᠠᠵᠠᠷ | ᠳᠡᠭᠡᠷ᠎ᠡ ᠢᠭᠴᠤ ᠰᠠᠬᠤᠯᠢᠭ ᠤᠢ ᠰᠢᠭᠤᠢ᠂ ᠦᠷᠬᠡᠨ ᠠᠭᠤᠳᠠᠮ ᠲᠠᠯ᠎ᠠ ᠨᠤᠲᠤᠭ᠂ ᠲᠤᠮᠤ ᠨᠤᠭᠤ ᠭᠠᠵᠠᠷ᠂ ᠨᠠᠯᠤᠬᠡᠷ | ᠶᠡᠭᠡ ᠡᠯᠡᠰᠦᠨ ᠴᠦᠯ ᠲᠠᠷᠬᠠᠵᠤ ᠪᠠᠶᠢᠨ᠎ᠠ᠃ ︽ᠦᠵᠡᠰᠭᠦᠯᠡᠩᠲᠦ ᠰᠠᠶᠢᠬᠠᠨ ᠮᠢᠨᠦ ᠨᠤᠲᠤᠭ᠂ ᠦᠡᠭᠭᠡ ᠶᠢᠨ ᠴᠡᠴᠡᠭ | ᠰᠤᠯᠤᠩᠭᠠᠷᠠᠨ᠎ᠠ᠂ ᠤᠷᠠᠨ ᠪᠤᠯᠵᠤᠮᠤᠷ ᠵᠢᠷᠭᠢᠨ ᠳᠤᠩᠭᠤᠳᠤᠭᠠᠳ᠂ ᠤᠰᠤᠨ ᠪᠤᠯᠤᠷ ᠭᠤᠤᠯ ᠲᠤᠨᠤᠯᠵᠠᠨ᠎ᠠ︾ ᠭᠡᠳᠡᠭ | ᠪᠣᠯ ᠥᠪᠥᠷ ᠮᠣᠩᠭᠤᠯ ᠤᠨ ᠰᠦᠷᠯᠢᠭ ᠰᠠᠶᠢᠬᠠᠨ ᠦᠵᠡᠮᠵᠢ ᠶᠢᠨ ᠠᠮᠢᠳᠤᠯᠢᠭ ᠵᠢᠷᠤᠭᠯᠠᠯ ᠪᠣᠯᠤᠨ᠎ᠠ᠃ | ᠥᠪᠥᠷ ᠮᠣᠩᠭᠤᠯ ᠳᠤ ᠬᠥᠭᠵᠢᠯᠲᠡ ᠶᠢᠨ ᠬᠤᠷᠳᠤᠴᠠ ᠪᠠᠨ ᠲᠦᠷᠭᠡᠳᠭᠡᠬᠦ ᠪᠠᠷ ᠴᠢᠷᠮᠠᠶᠢᠭᠰᠠᠨ ᠲᠡᠮᠡᠴᠡᠯ ᠤᠨ ᠭᠤ | ᠤᠠ᠋ ᠰᠠᠶᠢᠬᠠᠨ ᠪᠤᠢ᠃ ᠡᠨᠡ ᠬᠤᠶᠠᠷ ᠵᠢᠯ ᠤᠨ ᠭᠤᠤᠯ ᠪᠣᠯᠬᠤ ᠠᠵᠤ ᠠᠬᠤᠶ ᠶᠢᠨ ᠵᠢᠭᠠᠯᠲᠠ ᠲᠤᠭ᠎ᠠ ᠶᠢᠨ | ᠨᠡᠮᠡᠭᠳᠡᠯ ᠤᠨ ᠬᠤᠷᠳᠤᠴᠠ ᠪᠥᠬᠦ ᠤᠯᠤᠰ ᠤᠨ ᠨᠢᠭᠡᠳᠦᠭᠡᠷ ᠡᠩᠨᠡᠭᠡᠨ ᠳᠤ ᠣᠷᠣᠵᠤ᠂ ᠨᠢᠳᠤᠨᠤᠨ ᠤ ᠣᠷᠣᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠥᠬᠦ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ | ᠪᠥᠬᠦ ᠤᠯᠤᠰ ᠤᠨ ᠡᠮᠦᠨ᠎ᠡ 3 ᠳᠤ ᠣᠷᠣᠪᠠ᠃ ᠡᠨᠡ ᠵᠢᠯ ︽ᠵᠢᠷᠭᠤᠭᠠᠨ ᠢᠨᠵᠧᠨᠧᠷᠢᠩ︾ ᠢ ᠪᠠᠶᠢᠷᠢᠯᠠᠭᠤᠯᠤᠨ | ᠠᠬᠢᠭᠤᠯᠵᠤ᠂ ︽ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠤᠷᠤᠬᠤ︾ ᠬᠠᠷᠠᠯᠲᠠ ᠲᠡᠶᠢᠰᠢ ᠲᠦᠷᠭᠡᠨ | ᠤᠷᠤᠭᠰᠢᠯᠠᠪᠠ᠃ | ᠥᠪᠥᠷ ᠮᠣᠩᠭᠤᠯ ᠳᠤ ᠴᠢᠨᠠᠷ ᠰᠠᠶᠢᠲᠠᠶ ᠬᠥᠭᠵᠢᠯᠲᠡ ᠶᠢᠨ ᠯᠤᠳᠤ ᠶᠡᠭᠡ ᠬᠤᠪᠢᠷᠠᠯᠲᠠ ᠶᠢᠨ ᠭᠤᠸ᠎ᠠ ᠰᠠᠶᠢᠬᠠᠨ ᠪᠣᠶ | ᠃ ᠪᠢᠳᠡ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠡᠨᠧᠷᠭᠢ ᠶᠢᠨ | ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠲᠠᠢ | ᠨᠢᠭᠲᠠ ᠤᠶᠠᠯᠳᠤᠭᠤᠯᠤᠨ᠂ ᠰᠢᠨ᠎ᠡ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ | ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠵᠡᠷᠭᠡ 8 ᠲᠣᠮᠣ ᠠᠵᠤ | ᠦᠢᠯᠡᠰ ᠤᠨ ᠪᠦᠯᠦᠭᠵᠢᠯ ᠪᠠ ᠰᠠᠯᠬᠢ᠂ ᠬᠡᠷᠡᠯ᠂ ᠤᠰᠤᠲᠥ᠋ᠷᠥᠭᠴᠢ᠂ ᠨᠦᠬᠡᠴᠡ ᠵᠡᠷᠭᠡ 16 ᠭᠤᠤᠯᠳᠠᠯᠭ᠎ᠠ ᠲᠠᠢ | ᠠᠵᠤ ᠦᠢᠯᠡᠰ ᠤᠨ ᠬᠡᠯᠬᠢᠶ᠎ᠡ ᠶᠢ ᠨᠠᠷᠢᠨ ᠨᠢᠮᠪᠠᠶ ᠪᠠᠶᠢᠭᠤᠯᠵᠤ᠂ ᠰᠢᠨ᠎ᠡ ᠡᠨᠧᠷᠭᠢ᠂ ᠬᠤᠪᠣᠷ ᠰᠢᠷᠣᠶ ᠶᠢᠨ ᠰᠢᠨ᠎ᠡ | ᠮᠠᠲ᠋ᠧᠷᠢᠶᠠᠯ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠵᠡᠷᠭᠡ ᠭᠤᠤᠯᠯᠠᠬᠤ ᠠᠵᠤ ᠦᠢᠯᠡᠰ ᠨᠢ ᠪᠥᠬᠦ | ᠤᠯᠤᠰ ᠲᠤ ᠴᠥᠮ ᠪᠠᠶᠢᠷᠢ ᠰᠠᠭᠤᠷᠢ ᠲᠠᠢ ᠪᠣᠯᠪᠠ᠃ | ᠥᠪᠥᠷ ᠮᠣᠩᠭᠤᠯ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠡᠷᠡᠯᠡᠵᠦ ᠬᠠᠷᠢᠯᠴᠠᠨ | ᠬᠠᠪᠰᠤᠷᠤᠯᠴᠠᠭᠰᠠᠨ ᠡᠶ᠎ᠡ ᠵᠣᠬᠢᠴᠠᠩᠭᠤᠶ ᠭᠤᠸ᠎ᠠ ᠰᠠᠶᠢᠬᠠᠨ ᠪᠣᠶ᠃ ᠥᠪᠡᠷᠲᠡᠭᠡᠨ ᠵᠠᠰᠠᠬᠤ ᠣᠷᠣᠨ | ᠪᠠᠶᠢᠭᠤᠯᠤᠭᠳᠠᠭᠰᠠᠨ 77 ᠵᠢᠯ ᠤᠨ ᠲᠤᠷᠰᠢ᠂ ︽ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ | ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠤᠭᠰᠠᠨ︾᠂ ︽ᠭᠤᠷᠪᠠᠨ ᠮᠢᠩᠭᠠᠨ ᠥᠨᠥᠴᠢᠨ ᠬᠡᠦᠬᠡᠳ ᠢ ᠦᠷᠡᠴᠢᠯᠡᠨ | ᠲᠡᠵᠢᠭᠡᠭᠰᠡᠨ︾᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠢ ᠪᠠᠨ ᠰᠠᠨᠰᠠᠷ ᠤᠨ ᠠᠶᠠᠯᠠᠯ ᠳᠤ ᠵᠣᠷᠢᠭᠤᠯᠤᠭᠰᠠᠨ︾ | ᠵᠡᠷᠭᠡ ᠲᠡᠦᠬᠡ ᠶᠢᠨ ᠰᠠᠶᠢᠬᠠᠨ ᠳᠠᠭᠤᠷᠢᠰᠬᠠᠯ ᠢ ᠡᠭᠦᠳᠴᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ | ᠡᠷᠬᠢᠮ ᠳᠡᠭᠡᠳᠦ ᠢᠷᠠᠭᠤ ᠠᠯᠳᠠᠷ ᠢ ᠣᠯᠤᠭᠰᠠᠨ ᠪᠥᠭᠡᠳ ᠤᠷᠳᠤ ᠬᠤᠭᠤᠴᠠᠭ᠎ᠠ ᠪᠠᠷ ᠬᠠᠮᠠᠭᠠᠯᠠᠪᠠ᠃ ᠮᠠᠨ ᠤ ᠪᠤᠢ | ᠪᠦᠬᠦᠢ ᠠᠵᠢᠯ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ | ᠲᠦᠷᠦᠯ ᠲᠡᠮᠳᠡᠭ ᠢ ᠡᠭᠦᠳᠴᠦ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ | ᠥᠷᠨᠢᠭᠦᠯᠵᠦ᠂ ᠡᠯ᠎ᠡ ᠦᠨᠳᠦᠰᠦᠲᠡᠨ ᠨᠢᠭᠡ ᠲᠣᠰᠬᠤᠨ᠂ ᠨᠢᠭᠡ ᠨᠡᠶᠢᠭᠡᠮ ᠲᠣᠭᠤᠷᠢᠭ᠂ ᠨᠢᠭᠡ ᠠᠩᠬᠢ᠂ ᠨᠢᠭᠡ ᠠᠵᠤ | ᠠᠬᠤᠶᠢᠯᠠᠯ ᠳᠤ ᠪᠠᠶᠢᠵᠤ᠂ ᠳᠣᠲᠣᠨᠣ ᠨᠠᠶᠢᠵᠠ ᠪᠣᠯᠤᠯᠴᠠᠵᠤ᠂ ᠡᠶᠡᠯᠳᠡᠭ ᠬᠥᠷᠰᠢ ᠪᠤᠯᠵᠤ᠂ ᠵᠤᠯ ᠵᠢᠷᠭᠠᠯᠳᠤ ᠤᠷᠤᠭ | ᠭᠡᠷ ᠪᠦᠯᠢ ᠪᠤᠯᠤᠯᠴᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠪᠡ᠃ | ᠥᠪᠥᠷ ᠮᠣᠩᠭᠤᠯ ᠳᠤ ᠳᠥᠭᠦᠮ ᠳᠥᠲᠡ ᠠᠮᠢᠳᠤᠷᠠᠯ ᠢ ᠬᠠᠮᠲᠤ ᠪᠠᠷ ᠡᠳ᠋ᠯᠡᠬᠦ ᠣᠳᠣ ᠦᠶ᠎ᠡ ᠶᠢᠨ ᠭᠤᠸ᠎ᠠ ᠰᠠᠶᠢᠬᠠᠨ | ᠪᠤᠢ᠃ ᠬᠥᠬᠡᠬᠤᠲᠠ᠂ ᠤᠯᠠᠭᠠᠨᠴᠠᠪ᠂ ᠤᠯᠠᠭᠠᠨᠬᠠᠳᠠ᠂ ᠲᠦᠩᠯᠢᠶᠣᠤ ᠵᠡᠷᠭᠡ ᠭᠠᠵᠠᠷ ᠤᠨ ᠲᠦᠷᠭᠡᠨ ᠤ ᠲᠡᠮᠦᠷ ᠵᠠᠮ | ᠬᠤᠶᠠᠷ ᠴᠠᠭ ᠤᠨ ᠳᠣᠲᠣᠷ᠎ᠠ ᠪᠡᠭᠡᠵᠢᠩ ᠳᠤ ᠬᠦᠷᠴᠦ᠂ 12 ᠠᠶᠢᠮᠠᠭ ᠬᠤᠲᠠ ᠶᠢᠨ ᠪᠠᠶᠢᠭ᠎ᠠ ᠭᠠᠵᠠᠷ ᠲᠤ ᠴᠥᠮ | ᠲᠦᠷᠭᠡᠨ ᠤ ᠵᠠᠰᠠᠮᠠᠯ ᠵᠠᠮ ᠨᠡᠪᠲᠡᠷᠡᠵᠦ᠂ 103 ᠬᠤᠰᠢᠭᠤ ᠰᠢᠶᠠᠨ ᠳᠤ ᠴᠥᠮ ᠨᠢᠭᠡᠳᠦᠭᠡᠷ ᠳᠡᠰ ᠠᠴᠠ ᠳᠡᠭᠡᠭᠰᠢᠬᠢ | ᠵᠠᠰᠠᠮᠠᠯ ᠵᠠᠮ ᠨᠡᠪᠲᠡᠷᠡᠪᠡ︔ ᠦᠨᠳᠦᠰᠦᠲᠡᠨ ᠨᠦᠭᠦᠳ ᠤᠨ ᠤᠯᠠᠨ ᠲᠦᠮᠡᠨ ᠪᠦᠷ ᠤᠢᠢᠷ᠎ᠠ ᠬᠠᠪᠢ ᠳᠠᠭᠠᠨ | ᠰᠤᠷᠭᠠᠭᠤᠯᠢ ᠳᠤ ᠰᠠᠭᠤᠵᠤ᠂ ᠡᠪᠡᠳᠴᠢᠨ ᠢᠶᠠᠨ ᠦᠵᠡᠭᠦᠯᠵᠦ᠂ ᠤᠶᠤᠨᠲᠤ ᠭᠡᠷ ᠤᠨ ᠴᠠᠬᠢᠯᠭᠠᠨ ᠬᠡᠷᠡᠭᠰᠡᠯ᠂ ᠥᠷᠭᠡᠨ | ᠪᠦᠰᠡᠲᠦ ᠰᠦᠯᠵᠢᠶ᠎ᠡ᠂ ᠲᠦᠷᠭᠡᠨ ᠬᠦᠷᠭᠡᠯᠲᠡ ᠵᠠᠬᠢᠶᠠᠯᠠᠭ᠎ᠠ ᠶᠢᠨ ᠬᠤᠭᠤᠯᠠ ᠵᠡᠷᠭᠡ ᠨᠢ ᠲᠠᠯ᠎ᠠ ᠨᠤᠲᠤᠭ ᠤᠨ ᠭᠦᠨ ᠳᠤ | ᠬᠦᠷᠴᠦ᠂ ᠡᠭᠡᠯ ᠠᠷᠠᠳ ᠤᠨ ᠭᠡᠷ ᠲᠤ ᠣᠷᠣᠵᠤ᠂ ᠭᠠᠷ ᠤᠲᠠᠰᠤ ᠪᠠᠷ ᠢᠶᠠᠨ ᠮᠠᠯ ᠮᠠᠯᠵᠢᠬᠤ᠂ ᠣᠬᠤᠷ ᠸᠢᠳᠢᠣ᠋ | ᠰᠡᠭᠦᠳᠡᠷᠯᠡᠬᠦ ᠨᠢ ᠤᠳᠤ ᠨᠢᠭᠡᠨᠲᠡ ᠮᠠᠯᠵᠢᠬᠤ ᠣᠷᠣᠨ ᠤ ᠰᠢᠨ᠎ᠡ ᠤᠷᠤᠰᠬᠠᠯ ᠪᠣᠯᠵᠠᠢ᠃ | ᠸᠠᠩ ᠯᠢ ᠰᠢᠶᠠ᠂ ᠬᠤᠸᠠᠩ ᡁᠢ ᠴᠢᠶᠠᠩ᠂ ᠶᠠᠩ ᠶᠢᠨ ᠵᠢᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠥᠩ ᠮᠢᠩ ᠵᠦ᠂ ᠲᠠᠪᠤᠨ ᠶᠡᠭᠡ ᠡᠭᠦᠷᠭᠡ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠠᠨᠠᠯ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ᠂ ᠮᠠᠯ ᠠᠵᠤ ᠠᠬᠤᠶ ᠲᠠᠷᠢᠶᠠᠯᠠᠩ ᠤᠨ ᠣᠳᠣᠬᠢᠴᠢᠯᠠᠯᠲᠠ᠂ | ᠰᠢᠨ᠎ᠡ ᠡᠨᠧᠷᠭᠢ ᠶᠢᠨ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠠᠷᠠᠳ ᠤᠨ ᠡᠵᠡᠩᠨᠡᠯᠲᠡ ᠶᠢᠨ | ᠠᠵᠤ ᠠᠬᠤᠶ᠂ ᠭᠠᠳᠠᠭᠠᠳᠤ ᠨᠡᠭᠡᠭᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠵᠡᠷᠭᠡ ᠲᠠᠯ᠎ᠠ ᠶᠢᠨ ᠠᠵᠢᠯ ᠤᠨ | ᠲᠣᠭᠤᠷᠢᠨ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | |