︽ᠰᠢ ᠶᠢᠨ ᠫᠢᠩ ᠤᠨ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠲᠤᠬᠠᠢ ᠥᠭᠦᠯᠡᠯᠲᠡ ᠶᠢᠨ ᠲᠡᠭᠦᠪᠦᠷᠢ︾  ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/6/11
   ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠲᠤᠬᠠᠶ ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃   ᠡᠨᠧᠷᠭᠢ ᠶᠢᠨ ᠠᠮᠤᠷ ᠲᠦᠪᠰᠢᠨ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠵᠤ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠤᠯᠤᠰ ᠤᠨ ᠬᠥᠭᠵᠢᠯᠲᠡ ᠪᠣᠯᠤᠨ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠡᠨᠧᠷᠭᠢ ᠶᠢᠨ ᠶᠡᠭᠡ ᠬᠠᠨᠳᠤᠰᠢ ᠳᠤ ᠵᠣᠬᠢᠴᠠᠬᠤ ᠵᠠᠮ ᠢ ᠣᠯᠵᠤ᠂ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠤᠳᠤᠯᠭ᠎ᠠ ᠶᠢ ᠳᠤᠷᠠᠳᠴᠤ᠂ ᠡᠨᠧᠷᠭᠢ ᠶᠢᠨ ᠬᠡᠷᠡᠭᠯᠡᠭᠡᠨ ᠤ ᠬᠤᠪᠢᠰᠬᠠᠯ᠂ ᠡᠨᠧᠷᠭᠢ ᠶᠢᠨ ᠬᠠᠩᠭᠠᠯᠭ᠎ᠠ ᠶᠢᠨ ᠬᠤᠪᠢᠰᠬᠠᠯ᠂ ᠡᠨᠧᠷᠭᠢ ᠶᠢᠨ ᠮᠡᠷᠭᠡᠵᠢᠯ ᠤᠨ ᠬᠤᠪᠢᠰᠬᠠᠯ᠂ ᠡᠨᠧᠷᠭᠢ ᠶᠢᠨ ᠪᠠᠶᠢᠭᠤᠯᠤᠮᠵᠢ ᠶᠢᠨ ᠬᠤᠪᠢᠰᠬᠠᠯ ᠢ ᠠᠬᠢᠭᠤᠯᠵᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠮᠠᠨ ᠤ ᠤᠯᠤᠰ ᠤᠨ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠡᠨᠧᠷᠭᠢ ᠶᠢᠨ ᠪᠠᠲᠤᠯᠠᠭ᠎ᠠ ᠶᠢᠨ ᠰᠠᠭᠤᠷᠢ ᠶᠢ ᠳᠠᠰᠤᠷᠠᠯᠳᠠ ᠦᠭᠡᠢ ᠪᠠᠬᠢᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠳᠡᠯᠡᠬᠡᠢ ᠶᠢᠨ ᠡᠨᠧᠷᠭᠢ ᠶᠢᠨ ᠠᠮᠤᠷ ᠲᠦᠪᠰᠢᠨ ᠪᠣᠯᠤᠨ ᠡᠨᠧᠷᠭᠢ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠳᠤ ᠳᠤᠮᠳᠠᠳᠤ ᠤᠯᠤᠰ ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ ᠤᠨ ᠬᠦᠴᠦᠨ ᠴᠢᠳᠠᠯ ᠢ ᠨᠡᠮᠡᠷᠢᠯᠡᠭᠰᠡᠨ ᠪᠠᠶᠢᠨ᠎ᠠ᠃ ᠰᠢ ᠶᠢᠨ ᠫᠢᠩ ᠨᠥᠬᠦᠷ ᠤᠨ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠲᠣᠭᠤᠷᠢᠨ ᠳᠤ ᠨᠡᠶᠢᠲᠡᠯᠡᠭᠰᠡᠨ ᠠᠯᠢ ᠤᠯᠠᠨ ᠴᠢᠬᠤᠯᠠ ᠥᠭᠦᠯᠡᠯᠲᠡ ᠨᠢ ᠤᠳᠭ᠎ᠠ ᠰᠠᠨᠠᠭ᠎ᠠ ᠠᠯᠤᠰ ᠬᠡᠳᠤ ᠶᠢᠨ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨᠵᠡᠭᠡᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠡᠨᠧᠷᠭᠢ ᠶᠢᠨ ᠬᠥᠭᠵᠢᠯᠲᠡ ᠪᠣᠯᠤᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ᠂ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠬᠤ᠂ ᠡᠨᠧᠷᠭᠢ ᠶᠢᠨ ᠬᠦᠴᠦᠷᠬᠡᠭ ᠤᠯᠤᠰ ᠢ ᠲᠦᠷᠭᠡᠳᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠳᠤ ᠠᠮᠤᠷ ᠲᠦᠪᠰᠢᠨ ᠨᠠᠶᠢᠳᠠᠪᠤᠷᠢᠲᠠᠢ ᠡᠨᠧᠷᠭᠢ ᠶᠢᠨ ᠪᠠᠲᠤᠯᠠᠭ᠎ᠠ ᠬᠠᠩᠭᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃︽ᠥᠭᠦᠯᠡᠯᠲᠡ ᠶᠢᠨ ᠲᠡᠭᠦᠪᠦᠷᠢ︾ ᠨᠢ 8 ᠲᠤᠰᠬᠠᠢ ᠰᠡᠳᠦᠪ ᠬᠤᠪᠢᠶᠠᠵᠤ᠂ ᠨᠡᠶᠢᠳᠡ 217 ᠬᠡᠰᠡᠭ ᠥᠭᠦᠯᠡᠯᠲᠡ ᠪᠠᠷ ᠪᠦᠷᠢᠯᠳᠦᠵᠦ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠠᠴᠠ 2024 ᠣᠨ ᠤ 5 ᠰᠠᠷ᠎ᠠ ᠪᠣᠯᠲᠠᠯᠠᠬᠢ ᠬᠤᠭᠤᠴᠠᠭᠠᠨ ᠤ ᠮᠡᠳᠡᠭᠦᠯᠦᠯᠲᠡ᠂ ᠶᠠᠷᠢᠶ᠎ᠠ᠂ ᠶᠠᠷᠢᠶ᠎ᠠ ᠢᠯᠡᠳᠭᠡᠯ᠂ ᠶᠠᠷᠢᠯᠴᠠᠭ᠎ᠠ᠂ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ᠂ ᠵᠢᠭᠠᠪᠤᠷᠢ᠂ ᠴᠣᠬᠤᠯᠠᠪᠤᠷᠢ ᠵᠡᠷᠭᠡ 130 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 10 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号