ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ ᠣᠳᠣᠬᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠪᠣᠳᠣᠯᠬᠢᠯᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠣᠭᠤᠳᠬᠤ ᠰᠠᠨᠠᠯ︾ ᠪᠠ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ﹀ ᠶᠢᠨ ᠳᠠᠩᠰᠠᠯᠠᠭᠤᠯᠤᠭᠰᠠᠨ ᠬᠥᠷᠥᠩᠭᠡ ᠶᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠲᠥᠰᠦᠯ︶︾ ᠢ ᠬᠢᠨᠠᠨ ᠵᠥᠪᠯᠡᠵᠦ ᠪᠠᠲᠤᠯᠠᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ ︵ᠲᠥᠰᠦᠯ︶︾ ᠶᠢ ᠶᠠᠷᠢᠯᠴᠠᠪᠠ
ᠨᠡᠶᠢᠲᠡᠯᠡᠭᠰᠡᠨ ᠴᠠᠭ᠄
2024/6/11
    ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 7 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠰᠠᠷ᠎ᠠ ᠶᠢᠨ 7 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ᠂ ᠣᠳᠣᠬᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠤᠨ ᠪᠣᠳᠣᠯᠬᠢᠯᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠣᠭᠤᠳᠬᠤ ᠰᠠᠨᠠᠯ︾ ᠪᠣᠯᠤᠨ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ﹀ ᠶᠢᠨ ᠳᠠᠩᠰᠠᠯᠠᠭᠤᠯᠤᠭᠰᠠᠨ ᠬᠥᠷᠥᠩᠭᠡ ᠶᠢ ᠳᠠᠩᠰᠠᠯᠠᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠲᠥᠰᠦᠯ︶︾ ᠢ ᠬᠢᠨᠠᠨ ᠵᠥᠪᠯᠡᠵᠦ ᠪᠠᠲᠤᠯᠠᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠬᠠᠤᠯᠢ ︵ᠲᠥᠰᠦᠯ︶︾ ᠶᠢ ᠶᠠᠷᠢᠯᠴᠠᠪᠠ᠃    ᠬᠤᠷᠠᠯ ᠠᠴᠠ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢ ᠬᠥᠭᠵᠢᠭᠦᠯᠬᠦ ᠪᠣᠯ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡᠨ ᠤ ᠰᠠᠶᠢᠨ ᠣᠷᠴᠢᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ︽ᠴᠤᠭᠯᠠᠭᠤᠯᠵᠤ ᠬᠠᠮᠢᠶᠠᠷᠤᠨ ᠪᠤᠴᠠᠭᠠᠵᠤ ᠥᠭᠬᠦ︾ ᠪᠦᠬᠦ ᠬᠡᠯᠬᠢᠶᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠳᠠᠭᠠᠳᠬᠠᠯ ᠤᠨ ᠪᠡᠯᠡ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠵᠡᠷᠭᠡ ᠶᠢ ᠵᠣᠷᠢᠭᠵᠢᠭᠤᠯᠤᠨ ᠤᠷᠲᠤ ᠬᠤᠭᠤᠴᠠᠭᠠᠨ ᠤ ᠪᠡᠯᠡ ᠣᠷᠣᠭᠤᠯᠤᠯᠲᠠ ᠥᠷᠨᠢᠭᠦᠯᠵᠦ᠂ ᠭᠠᠳᠠᠭᠠᠳᠤ ᠪᠡᠯᠡ ᠶᠢᠨ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠢᠳᠡᠪᠬᠢᠲᠡᠢ ᠲᠠᠲᠠᠵᠤ᠂ ᠤᠬᠤᠷᠢᠬᠤ ᠠᠷᠭ᠎ᠠ ᠵᠠᠮ ᠢ ᠥᠷᠭᠡᠳᠬᠡᠵᠦ᠂ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ ᠬᠤᠪᠢ ᠶᠢᠨ ᠲᠤᠭ᠎ᠠ ᠶᠢ ᠰᠢᠯᠵᠢᠭᠦᠯᠦᠨ ᠥᠭᠬᠦ ᠵᠡᠷᠭᠡ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠬᠥᠭᠵᠢᠯᠲᠡ ᠶᠢ ᠳᠡᠮᠵᠢᠬᠦ ᠰᠠᠶᠢᠨ ᠰᠠᠶᠢᠬᠠᠨ ᠠᠮᠢ ᠠᠬᠤᠢ ᠶᠢ ᠪᠣᠢ ᠪᠣᠯᠭᠠᠬᠤ ᠬᠡᠷᠡᠭᠲᠡᠢ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠣᠨᠴᠠᠯᠢᠭ ᠲᠤ ᠴᠢᠭᠯᠡᠭᠦᠯᠦᠨ ᠵᠥᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠲᠤᠰᠬᠠᠢ ᠮᠡᠷᠭᠡᠵᠢᠯ ᠤᠨ ᠴᠢᠨᠠᠷᠲᠠᠢ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠵᠦ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠬ᠎ᠠ ᠳᠡᠯᠭᠡᠭᠦᠷᠴᠢᠯᠡᠭᠰᠡᠨ ᠰᠠᠭᠤᠷᠢ ᠮᠥᠩᠭᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠡᠷᠲᠡ᠂ ᠪᠠᠭ᠎ᠠ ᠪᠠ ᠬᠠᠲᠠᠭᠤ ᠰᠢᠨᠵᠢᠯᠡᠬᠦ ᠤᠬᠠᠭᠠᠨ ᠮᠡᠷᠭᠡᠵᠢᠯ ᠳᠤ ᠣᠷᠣᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃         ᠬᠤᠷᠠᠯ ᠠᠴᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠠᠵᠤ ᠠᠬᠤᠢ ᠶᠢᠨ ᠠᠵᠢᠯᠯᠠᠭᠠᠨ ᠪᠠ ᠮᠥᠩᠭᠦᠨ ᠭᠦᠢᠯᠭᠡᠭᠡᠨ ᠤ ᠲᠣᠭᠲᠠᠭᠤᠨ ᠤ ᠶᠡᠭᠡ ᠲᠠᠯ᠎ᠠ ᠳᠤ ᠬᠤᠯᠪᠣᠭᠳᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠰᠢᠨ᠎ᠡ ᠬᠤᠪᠢᠷᠠᠯᠲᠠ ᠶᠢ ᠭᠦᠢᠴᠡᠳ ᠲᠠᠨᠢᠵᠤ᠂ ᠠᠷᠠᠳ ᠣᠯᠠᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠵᠣᠬᠢᠴᠠᠭᠤᠯᠤᠨ᠂ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠵᠤ᠂ ᠨᠥᠭᠡᠴᠡᠯᠡᠬᠦ ᠰᠢᠨ᠎ᠡ ᠪᠠᠷ ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠤᠳᠤᠯᠬᠤ ᠬᠡᠷᠡᠭᠲᠡᠢ᠃ ᠤᠭ ᠤᠨ ᠪᠠᠶᠢᠭᠰᠠᠨ ᠭᠡᠷ ᠬᠥᠷᠥᠩᠭᠡ᠂ ᠭᠠᠵᠠᠷ ᠰᠢᠷᠣᠢ ᠶᠢ ᠰᠢᠩᠭᠡᠭᠡᠬᠦ᠂ ᠠᠮᠢᠳᠤᠯᠢᠭ ᠪᠣᠯᠭᠠᠬᠤ ᠵᠡᠷᠭᠡ ᠠᠵᠢᠯ ᠨᠢ ᠦᠵᠡᠯ ᠰᠠᠨᠠᠭ᠎ᠠ ᠪᠠᠨ ᠴᠢᠯᠥᠭᠡᠯᠡᠨ᠂ ᠰᠡᠳᠬᠢᠴᠡ ᠪᠠᠨ ᠥᠷᠭᠡᠳᠬᠡᠬᠦ ᠪᠠᠷ ᠪᠠᠷᠠᠬᠤ ᠦᠭᠡᠢ ᠪᠠᠰᠠ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ᠂ ︽ᠵᠠᠬ᠎ᠠ ᠳᠡᠯᠭᠡᠭᠦᠷ ᠤᠨ ᠪᠠᠲᠤᠯᠠᠭ᠎ᠠ︾ ᠶᠢᠨ ᠣᠷᠣᠨ ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠥᠭᠡᠷᠡᠴᠢᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃    ᠬᠤᠷᠠᠯ ᠠᠴᠠ᠂ ᠮᠠᠨ ᠤ ᠤᠯᠤᠰ ᠨᠢᠭᠡᠨᠲᠡ ᠪᠦᠬᠦ ᠳᠡᠯᠡᠬᠡᠢ ᠳᠤ ᠬᠠᠮᠤᠭ ᠤᠨ ᠶᠡᠭᠡ᠂ ᠪᠦᠬᠦ ᠠᠷᠠᠳ ᠢ ᠬᠠᠮᠤᠷᠤᠭᠰᠠᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠣᠷ ᠢ ᠪᠠᠶᠢᠭᠤᠯᠵᠤ᠂ ᠳᠠᠭᠠᠳᠬᠠᠯ ᠳᠤ ᠣᠷᠣᠯᠴᠠᠬᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠳᠠᠭᠠᠳᠬᠠᠯ ᠳᠤ ᠣᠷᠣᠯᠴᠠᠭᠰᠠᠨ ᠡᠷᠦᠬᠡ ᠠᠮᠠ ᠶᠢᠨ ᠬᠢᠵᠠᠭᠠᠷᠯᠠᠯ ᠢ ᠤᠯᠠᠮ ᠨᠢᠭᠡ ᠠᠯᠬᠤᠮ ᠴᠢᠯᠥᠭᠡᠲᠡᠢ ᠲᠠᠯᠪᠢᠵᠤ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠠᠭᠤᠵᠢᠭᠤ ᠲᠠᠯᠪᠢᠵᠤ᠂ ᠦᠷᠭᠦᠯᠵᠢᠯᠡᠨ ᠳᠠᠭᠠᠳᠬᠠᠯ ᠳᠤ ᠣᠷᠣᠯᠴᠠᠬᠤ᠂ ᠰᠠᠭᠤᠷᠢ ᠮᠥᠩᠭᠦ ᠶᠢᠨ ᠳᠠᠩᠰᠠ ᠲᠠᠶᠢᠯᠬᠤ ᠦᠭᠡᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠬᠦᠯᠢᠶᠡᠬᠦ ᠬᠤᠭᠤᠴᠠᠭ᠎ᠠ ᠪᠠ ᠬᠤᠪᠢᠷᠠᠬᠤ ᠶᠢᠨ ᠬᠦᠯᠢᠶᠡᠬᠦ ᠬᠤᠭᠤᠴᠠᠭ᠎ᠠ ᠶᠢ ᠲᠣᠭᠲᠠᠮᠠᠯ ᠳᠣᠭᠢᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠪᠠ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠬᠦᠷᠲᠡᠮᠵᠢ ᠶᠢᠨ ᠲᠥᠷᠥᠭᠳᠡᠯ᠂ ᠡᠮᠨᠡᠭᠦᠯᠬᠦ ᠳᠤ ᠳᠥᠭᠦᠮ ᠦᠵᠡᠭᠦᠯᠬᠦ ᠬᠡᠮᠵᠢᠶ᠎ᠡ ᠶᠢ ᠦᠨᠡᠨ ᠬᠦ ᠨᠡᠮᠡᠭᠳᠡᠭᠦᠯᠬᠦ ᠬᠡᠷᠡᠭᠲᠡᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠳᠠᠩᠰᠠᠯᠠᠭᠤᠯᠤᠭᠰᠠᠨ ᠬᠥᠷᠥᠩᠭᠡ ᠶᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠪᠣᠯ ᠰᠢᠨ᠎ᠡ ᠪᠠᠷ ᠵᠠᠰᠠᠪᠤᠷᠢ ᠣᠷᠣᠭᠤᠯᠤᠭᠰᠠᠨ ᠺᠣᠮᠫᠠᠨᠢ ᠶᠢᠨ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠴᠡᠭᠡ ᠮᠥᠨ᠃ ᠦᠯᠡᠳᠡᠭᠡᠯ ᠺᠣᠮᠫᠠᠨᠢ ᠶᠢᠨ ᠪᠡᠯᠡ ᠮᠥᠩᠭᠦ ᠭᠠᠷᠭᠠᠬᠤ ᠬᠤᠭᠤᠴᠠᠭ᠎ᠠ ᠶᠢ ᠲᠣᠬᠢᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠺᠣᠮᠫᠠᠨᠢ ᠶᠢ ᠵᠢᠯᠣᠭᠤᠳᠤᠨ ᠬᠤᠪᠢ ᠣᠷᠣᠭᠤᠯᠤᠭᠴᠢ ᠶᠢᠨ ᠪᠡᠯᠡ ᠮᠥᠩᠭᠦ ᠭᠠᠷᠭᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠵᠦ᠂ ᠪᠦᠷᠢᠳᠬᠡᠨ ᠳᠠᠩᠰᠠᠯᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠢ ᠪᠣᠯᠭᠠᠬᠤ ᠬᠡᠷᠡᠭᠲᠡᠢ᠃    ᠬᠤᠷᠠᠯ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ︵ᠲᠥᠰᠦᠯ︶︾ ᠶᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ᠂ ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号