ᠴᠠᠬᠢᠯᠭᠠᠨ ᠬᠦᠴᠦᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠦᠷᠭᠡᠳᠭᠡᠨ᠎ᠡ
ᠨᠡᠶᠢᠲᠡᠯᠡᠭᠰᠡᠨ ᠴᠠᠭ᠄
2024/6/12
    ᠣᠶᠢᠷ᠎ᠠ ᠶᠢᠨ ᠵᠢᠯ ᠳᠤ᠂ ᠤᠯᠤᠰ ᠤᠨ ᠴᠠᠬᠢᠯᠭᠠᠨ ᠲᠣᠣᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠳᠣᠪᠣᠷᠬᠠᠭ ᠭᠠᠵᠠᠷ ᠤᠨ ᠬᠠᠭᠤᠷᠠᠢ ᠲᠠᠷᠢᠮᠠᠯ ᠤᠨ ᠣᠷᠣᠨ ᠤ ᠲᠠᠷᠢᠶᠠᠯᠠᠩ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠ ᠲᠠᠷᠢᠶᠠᠨ ᠭᠠᠵᠠᠷ ᠤᠨ ᠥᠭᠡᠷᠡᠴᠢᠯᠡᠯᠲᠡ ᠶᠢ ᠠᠬᠢᠭᠤᠯᠵᠤ᠂ ᠤᠤᠯ ᠤᠨ ᠲᠠᠷᠠᠬᠠᠢ ᠪᠤᠲᠠᠷᠬᠠᠢ ᠪᠠᠶᠢᠭᠰᠠᠨ ︽ᠵᠢᠵᠢᠭ ᠳᠠᠷᠢᠶ᠎ᠠ︾ ᠶᠢ ᠡᠮᠬᠢᠯᠡᠨ ᠨᠡᠶᠢᠯᠡᠭᠦᠯᠵᠦ ᠦᠷ᠎ᠡ ᠪᠦᠲᠦᠮᠵᠢ ᠪᠠᠷ ᠨᠡᠩ ᠥᠨᠳᠥᠷ ︽ᠲᠣᠮᠣ ᠲᠠᠷᠢᠶᠠᠯᠠᠩ ᠤᠨ ᠲᠠᠯᠠᠪᠠᠢ︾ ᠪᠣᠯᠭᠠᠪᠠ᠃ ᠡᠨᠡ ᠬᠦ ᠬᠤᠪᠢᠷᠠᠯᠲᠠ ᠨᠢ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃    ᠥᠭᠡᠷᠡᠴᠢᠯᠡᠬᠦ ᠶᠠᠪᠤᠴᠠ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠲᠡᠷᠢᠭᠦᠨ ᠤ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠵᠦ᠂ ᠳ᠋ᠠᠶᠢᠲ᠋ᠠ ᠪᠣᠯᠤᠨ ᠪᠣᠳᠠᠲᠤ ᠴᠣᠭᠴᠠ ᠶᠢᠨ ᠲᠠᠷᠢᠶᠠᠯᠠᠩ ᠤᠨ ᠭᠦᠨᠵᠡᠭᠡᠢ ᠠᠭᠤᠰᠤᠯᠴᠠᠯ ᠢ ᠪᠡᠶᠡᠯᠡᠭᠦᠯᠦᠨ᠎ᠡ᠃ ᠠᠯᠤᠰ ᠠᠴᠠ ᠡᠵᠡᠮᠳᠡᠬᠦ ᠤᠰᠤᠯᠠᠯᠲᠠ ᠶᠢᠨ ᠰᠢᠰᠲ᠋ᠧᠮ᠂ ᠤᠶᠤᠨᠴᠢᠯᠠᠭᠰᠠᠨ ᠡᠪᠡᠳᠴᠢᠨ ᠤ ᠪᠠᠺᠲ᠋ᠧᠷᠢ ᠪᠣᠯᠤᠨ ᠬᠤᠷᠣᠬᠠᠢ ᠶᠢᠨ ᠪᠠᠶᠢᠳᠠᠯ ᠢ ᠬᠢᠨᠠᠨ ᠬᠡᠮᠵᠢᠬᠦ ᠰᠢᠰᠲ᠋ᠧᠮ ᠢ ᠲᠣᠬᠢᠷᠠᠭᠤᠯᠵᠤ᠂ ᠲᠠᠷᠢᠮᠠᠯ ᠤᠨ ᠤᠷᠭᠤᠴᠠ ᠶᠢᠨ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠬᠦ ᠪᠠ ᠠᠦ᠋ᠲ᠋ᠣ᠋ ᠲᠣᠬᠢᠷᠠᠭᠤᠯᠤᠯᠲᠠ ᠬᠢᠵᠦ᠂ ᠲᠠᠷᠢᠮᠠᠯ ᠤᠨ ᠡᠷᠡᠭᠦᠯ ᠢᠶᠠᠷ ᠥᠰᠦᠨ ᠪᠤᠶᠢᠵᠢᠬᠤ ᠶᠢ ᠦᠨᠡᠨᠬᠦ ᠪᠠᠲᠤᠯᠠᠵᠤ᠂ ᠲᠠᠷᠢᠮᠠᠯ ᠤᠨ ᠤᠨᠠᠯᠲᠠ ᠪᠣᠯᠤᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠪᠡ᠃ ᠤᠤᠯ ᠤᠨ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ᠂ ᠥᠩ ᠰᠢᠮᠡᠯᠢᠭ ᠢᠳᠡᠭᠳᠡᠯ ᠲᠠᠢ ᠪᠠᠶᠢᠭᠰᠠᠨ ︽ᠭᠤᠷᠪᠠ ᠶᠢ ᠭᠦᠶᠦᠯᠭᠡ︾ ᠨᠢ ᠤᠰᠤ ᠶᠢ ᠬᠠᠮᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠪᠣᠷᠲᠣᠭᠤᠷ ᠬᠠᠮᠠᠭᠠᠯᠠᠬᠤ ︽ᠭᠤᠷᠪᠠ ᠶᠢ ᠪᠠᠲᠤᠯᠠᠬᠤ ᠳᠠᠷᠢᠶ᠎ᠠ︾ ᠪᠣᠯᠵᠤ᠂ ᠲᠠᠷᠢᠶᠠᠯᠠᠩ ᠤᠨ ᠠᠮᠢ ᠠᠬᠤᠢ ᠶᠢᠨ ᠦᠷᠭᠦᠯᠵᠢᠯᠡᠨ ᠬᠥᠭᠵᠢᠬᠦ ᠶᠢ ᠪᠦᠲᠦᠮᠵᠢᠲᠡᠢ ᠪᠠᠲᠤᠯᠠᠨ᠎ᠠ᠃    ᠡᠳᠡᠭᠡᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠤᠯᠤᠰ ᠤᠨ ᠴᠠᠬᠢᠯᠭᠠᠨ ᠲᠣᠣᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠬᠠᠷᠢᠶᠠᠲᠤ ᠣᠷᠣᠨ ᠤ ᠪᠠᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠪᠦᠬᠦ ᠲᠠᠯ᠎ᠠ ᠪᠠᠷ ᠥᠭᠡᠷᠡᠴᠢᠯᠡᠨ ᠳᠡᠰ ᠳᠡᠪᠰᠢᠭᠦᠯᠦᠨ᠎ᠡ᠃ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠬᠦᠴᠦᠳᠡᠯ ᠥᠭᠡᠷᠡᠴᠢᠯᠡᠭᠴᠢ᠂ ᠴᠠᠬᠢᠯᠭᠠᠨ ᠬᠠᠩᠭᠠᠬᠤ ᠱᠤᠭᠤᠮ ᠵᠡᠷᠭᠡ ᠲᠥᠬᠦᠭᠡᠷᠦᠮᠵᠢ ᠶᠢ ᠨᠠᠷᠢᠨ ᠨᠢᠮᠪᠠᠢ ᠲᠣᠭᠤᠷᠢᠨ ᠪᠠᠶᠢᠴᠠᠭᠠᠬᠤ ᠶᠢᠨ ᠬᠠᠮᠲᠤ ᠠᠵᠤ ᠠᠬᠤᠶᠢᠯᠠᠯ᠂ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠤᠨ ᠮᠠᠰᠢᠨ ᠬᠤᠳᠳᠤᠭ ᠤᠨ ᠲᠥᠬᠦᠭᠡᠷᠦᠮᠵᠢ ᠶᠢ ᠲᠦᠢᠯᠪᠤᠷᠢᠲᠠᠢ ᠵᠢᠭᠰᠠᠭᠠᠨ ᠪᠠᠶᠢᠴᠠᠭᠠᠵᠤ᠂ ᠬᠠᠪᠤᠷ ᠤᠨ ᠲᠠᠷᠢᠶᠠᠯᠠᠭ᠎ᠠ ᠶᠢᠨ ᠤᠰᠤᠯᠠᠯᠲᠠ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠭᠦᠢᠴᠡᠳ ᠬᠠᠩᠭᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠢ᠃    2024 ᠣᠨ ᠤ ᠭᠤᠣᠯ ᠤᠨ ᠪᠠᠶᠢᠰᠢᠩ ᠪᠠᠯᠭᠠᠰᠤᠨ ᠤ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠥᠭᠡᠷᠡᠴᠢᠯᠡᠬᠦ ᠳᠤᠮᠳᠠ᠂ ᠤᠯᠤᠰ ᠤᠨ ᠴᠠᠬᠢᠯᠭᠠᠨ ᠲᠣᠣᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ 668.7 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠠᠬᠢᠯᠭᠠᠨ ᠬᠦᠴᠦᠨ ᠤ ᠱᠤᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ ᠴᠠᠬᠢᠯᠭᠠᠨ ᠲᠦᠭᠡᠭᠡᠬᠦ ᠬᠦᠴᠦᠳᠡᠯ ᠥᠭᠡᠷᠡᠴᠢᠯᠡᠭᠴᠢ ᠶᠢ ᠳᠡᠰ ᠳᠡᠪᠰᠢᠭᠦᠯᠵᠦ᠂ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠲᠠᠷᠢᠶᠠᠯᠠᠩ ᠤᠨ ᠴᠠᠬᠢᠯᠭᠠᠨ ᠬᠦᠴᠦᠨ ᠤ ᠬᠡᠷᠡᠭᠴᠡᠭᠡ ᠶᠢ ᠬᠠᠩᠭᠠᠨ᠎ᠠ᠃ ᠡᠭᠦᠨ ᠳᠤ 10 ᠺᠢᠯᠤᠸᠤᠯᠲ ᠤᠨ ᠴᠠᠬᠢᠯᠭᠠᠨ ᠤᠲᠠᠰᠤ 2.949 ᠺᠢᠯᠤᠮᠧᠲᠷ᠂ ᠳᠣᠣᠷ᠎ᠠ ᠬᠦᠴᠦᠳᠡᠯᠲᠦ ᠬᠡᠯᠬᠢᠶ᠎ᠡ 15.807 ᠺᠢᠯᠤᠮᠧᠲᠷ᠂ ᠴᠠᠬᠢᠯᠭᠠᠨ ᠲᠦᠭᠡᠭᠡᠬᠦ ᠬᠦᠴᠦᠳᠡᠯ ᠥᠭᠡᠷᠡᠴᠢᠯᠡᠭᠴᠢ 10 ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ᠂ ᠶᠡᠷᠦᠩᠬᠡᠢ ᠪᠠᠭᠲᠠᠭᠠᠮᠵᠢ ᠨᠢ 2100 ᠺᠢᠯᠤᠸᠤᠯᠲ ᠠᠮᠫᠧᠷ ᠬᠦᠷᠴᠦ᠂ 400 ᠲᠠᠷᠢᠶᠠᠴᠢᠨ ᠡᠷᠦᠬᠡ ᠳᠤ ᠦᠢᠯᠡᠴᠢᠯᠡᠪᠡ᠃ ᠡᠳᠡᠭᠡᠷ ᠠᠷᠭ᠎ᠠ ᠬᠡᠮᠵᠢᠶ᠎ᠡ ᠨᠢ ᠲᠤᠬᠠᠢ ᠶᠢᠨ ᠭᠠᠵᠠᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠴᠢᠳᠠᠪᠤᠷᠢ ᠪᠣᠯᠤᠨ ᠠᠮᠢᠳᠤᠷᠠᠯ ᠤᠨ ᠶᠠᠰᠤ ᠴᠢᠨᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠠᠬᠢᠯᠭᠠᠨ ᠬᠦᠴᠦᠨ ᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃    ᠳᠠᠷᠠᠭᠠᠴᠢ ᠶᠢᠨ ᠠᠯᠬᠤᠮ ᠳᠤ᠂ ᠤᠯᠤᠰ ᠤᠨ ᠴᠠᠬᠢᠯᠭᠠᠨ ᠲᠣᠣᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠯᠢ ᠣᠯᠠᠨ ᠠᠷᠠᠳ ᠤᠨ ᠠᠮᠢᠳᠤᠷᠠᠯ ᠤᠨ ᠠᠰᠠᠭᠤᠳᠠᠯ ᠢ ᠦᠷᠭᠦᠯᠵᠢᠯᠡᠨ ᠠᠩᠬᠠᠷᠴᠤ᠂ ︽ᠠᠷᠠᠳ ᠤᠨ ᠴᠠᠬᠢᠯᠭᠠᠨ ᠤ ᠦᠢᠯᠡᠰ ᠠᠷᠠᠳ ᠲᠦᠮᠡᠨ ᠤ ᠲᠥᠯᠥᠭᠡ︾ ᠠᠵᠤ ᠠᠬᠤᠶᠢᠯᠠᠯ ᠤᠨ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠨᠠᠶᠢᠳᠠᠪᠤᠷᠢᠲᠠᠢ ᠪᠠᠲᠤᠯᠠᠭ᠎ᠠ ᠬᠠᠩᠭᠠᠬᠤ ᠬᠠᠷᠢᠭᠤᠴᠠᠯᠭ᠎ᠠ ᠡᠭᠦᠷᠭᠡᠯᠡᠯ ᠢᠶᠠᠨ ᠢᠳᠡᠪᠬᠢᠲᠡᠢ ᠢᠯᠡᠷᠡᠭᠦᠯᠬᠦ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号