ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯ ᠢ ᠰᠠᠶᠢᠳᠦᠷ ᠬᠢᠨ᠎ᠡ
ᠨᠡᠶᠢᠲᠡᠯᠡᠭᠰᠡᠨ ᠴᠠᠭ᠄
2024/6/12
   ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠪᠠ ᠢᠯᠴᠢ ᠬᠠᠩᠭᠠᠬᠤ ᠪᠡᠯᠡᠳᠬᠡᠮᠵᠢ ᠶᠢ ᠰᠡᠯᠪᠢᠨ ᠵᠠᠰᠠᠵᠤ ᠬᠠᠮᠠᠭᠠᠯᠠᠭᠰᠠᠨ ᠶᠠᠪᠤᠳᠠᠯ ᠪᠣᠯ ᠥᠩᠭᠡᠷᠡᠭᠰᠡᠨ ᠵᠢᠯ ᠤᠳ ᠤᠨ ᠪᠣᠯ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠃ 2023 ᠠᠴᠠ 2024 ᠤᠨ ᠪᠣᠯᠲᠠᠯᠠᠬᠢ ᠳᠤᠯᠠᠭᠠᠯᠭ᠎ᠠ ᠶᠢᠨ ᠬᠤᠭᠤᠴᠠᠭᠠᠨ ᠳᠤ ᠳᠤᠯᠠᠭᠠᠯᠭ᠎ᠠ ᠶᠢ ᠵᠣᠭᠰᠣᠭᠠᠭᠰᠠᠨ ᠤ ᠳᠠᠷᠠᠭ᠎ᠠ᠂ ᠵᠦᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠪᠣᠳᠠᠲᠠᠢ ᠳᠤᠯᠠᠭᠠᠯᠭ᠎ᠠ ᠶᠢᠨ ᠠᠵᠢᠯᠯᠠᠭᠠᠨ ᠤ ᠪᠠᠶᠢᠳᠠᠯ ᠠᠴᠠ ᠤᠳᠤᠷᠢᠳᠤᠮᠵᠢ ᠪᠣᠯᠭᠠᠵᠤ᠂ ᠪᠠᠶᠢᠴᠠᠭᠠᠨ ᠵᠠᠰᠠᠵᠤ ᠥᠭᠡᠷᠡᠴᠢᠯᠡᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠨ᠂ ᠱᠠᠲᠤ ᠬᠤᠪᠢᠶᠠᠨ᠂ ᠠᠯᠬᠤᠮ ᠳᠠᠷᠠᠭ᠎ᠠ ᠲᠠᠢ ᠪᠠᠷ ᠡᠮᠬᠢᠯᠡᠨ ᠪᠠᠶᠢᠴᠠᠭᠠᠵᠤ᠂ 5 ᠰᠠᠷ᠎ᠠ ᠶᠢᠨ ᠡᠬᠢᠨ ᠠᠴᠠ ᠡᠬᠢᠯᠡᠨ᠂ ᠺᠣᠮᠫᠠᠨᠢ ᠶᠢᠨ ᠡᠯ᠎ᠡ ᠰᠠᠯᠠᠭ᠎ᠠ ᠮᠥᠴᠢᠷ᠂ ᠳᠤᠯᠠᠭᠠᠯᠭ᠎ᠠ ᠶᠢᠨ ᠭᠠᠵᠠᠷ ᠤᠨ ᠬᠢᠨ ᠪᠠᠶᠢᠴᠠᠭᠠᠨ ᠵᠠᠰᠠᠬᠤ ᠲᠥᠯᠥᠪᠯᠡᠭᠡ ᠶᠣᠰᠣᠭᠠᠷ ᠪᠠᠴᠢᠮ ᠶᠠᠭᠠᠷᠠᠯᠲᠠᠢ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯ ᠢ ᠥᠷᠨᠢᠭᠦᠯᠪᠡ᠃    ᠳᠠᠷᠤᠯᠲᠠ ᠶᠢᠨ ᠬᠡᠮᠵᠢᠭᠦᠷ᠂ ᠳᠤᠯᠠᠭᠠᠨ ᠤ ᠬᠡᠮᠵᠢᠭᠦᠷ᠂ ᠨᠡᠭᠡᠭᠡᠯᠭᠡ᠂ ᠤᠷᠤᠰᠬᠠᠯ ᠤᠨ ᠬᠡᠮᠵᠢᠭᠦᠷ ᠵᠡᠷᠭᠡ ᠲᠥᠬᠦᠭᠡᠷᠦᠮᠵᠢ ᠪᠣᠯ ᠢᠯᠴᠢ ᠬᠠᠩᠭᠠᠬᠤ ᠬᠤᠭᠤᠯᠠᠢ ᠶᠢᠨ ᠲᠣᠣᠷ ᠢ ᠬᠤᠯᠪᠣᠭᠰᠠᠨ ᠴᠢᠬᠤᠯᠠ ᠳᠠᠭᠠᠯᠳᠤᠭᠤᠯᠤᠯ ᠵᠦᠢᠯ ᠪᠣᠯᠤᠨ᠎ᠠ᠃ ᠪᠠᠶᠢᠴᠠᠭᠠᠨ ᠵᠠᠰᠠᠬᠤ ᠠᠵᠢᠯᠲᠠᠨ ᠵᠢᠪᠡᠷᠡᠬᠦ ᠤᠭᠰᠠᠷᠠᠭ᠎ᠠ ᠲᠣᠨᠤᠭ᠂ ᠰᠢᠷᠳᠡᠬᠦ ᠵᠡᠷᠭᠡ ᠪᠠᠶᠢᠴᠠᠭᠠᠨ ᠵᠠᠰᠠᠬᠤ ᠡᠭᠦᠷᠭᠡ ᠪᠠᠨ ᠰᠣᠯᠢᠵᠤ᠂ ᠲᠥᠬᠦᠭᠡᠷᠦᠮᠵᠢ ᠨᠢᠭᠡᠪᠦᠷᠢ ᠶᠢ ᠴᠥᠮ ᠬᠠᠮᠤᠭ ᠤᠨ ᠰᠠᠶᠢᠨ ᠪᠠᠶᠢᠳᠠᠯ ᠳᠤ ᠪᠠᠶᠢᠯᠭᠠᠬᠤ ᠶᠢ ᠦᠨᠡᠨᠬᠦ ᠪᠠᠲᠤᠯᠠᠵᠤ᠂ ᠢᠯᠴᠢ ᠬᠠᠩᠭᠠᠬᠤ ᠰᠢᠰᠲ᠋ᠧᠮ ᠤᠨ ᠥᠨᠳᠥᠷ ᠪᠦᠲᠦᠮᠵᠢᠲᠡᠢ ᠲᠣᠭᠲᠠᠭᠤᠨ ᠪᠠᠶᠢᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠨᠢᠭᠡᠴᠢ ᠰᠠᠪᠠᠯᠠᠭᠤᠷ ᠭᠠᠷᠭᠠᠬᠤ ᠬᠡᠢ ᠶᠢᠨ ᠨᠡᠭᠡᠯᠡᠬᠡᠢ ᠶᠢ ᠰᠣᠯᠢᠬᠤ ᠶᠢᠨ ᠬᠠᠮᠲᠤ ᠢᠯᠴᠢ ᠬᠠᠩᠭᠠᠬᠤ ᠣᠷᠣᠨ ᠪᠦᠰᠡ ᠶᠢᠨ ᠳᠣᠲᠣᠷᠠᠬᠢ ᠢᠯᠴᠢ ᠬᠠᠩᠭᠠᠬᠤ ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠴᠠᠭᠠᠨ ᠵᠠᠰᠠᠵᠤ᠂ ᠢᠯᠴᠢ ᠬᠡᠷᠡᠭᠯᠡᠬᠦ ᠡᠷᠦᠬᠡ ᠶᠢᠨ ᠢᠯᠴᠢ ᠬᠠᠩᠭᠠᠬᠤ ᠣᠶᠢᠯᠠᠭᠠᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠡᠯ᠎ᠡ ᠢᠯᠴᠢ ᠰᠣᠯᠢᠯᠴᠠᠬᠤ ᠥᠷᠲᠡᠭᠡ ᠳᠤ᠂ ᠪᠠᠶᠢᠴᠠᠭᠠᠨ ᠵᠠᠰᠠᠬᠤ ᠠᠵᠢᠯᠲᠠᠨ ᠨᠢᠭᠡ ᠰᠠᠭᠤᠷᠢ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ᠂ ᠨᠢᠭᠡ ᠳᠠᠯᠳᠠ ᠭᠡᠮ ᠢ ᠴᠦ ᠣᠷᠬᠢᠭᠳᠠᠭᠤᠯᠬᠤ ᠦᠭᠡᠢ ᠪᠠᠶᠢᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠡᠯᠪᠢᠨ ᠵᠠᠰᠠᠬᠤ ᠪᠤᠶᠤ ᠰᠣᠯᠢᠵᠤ᠂ 41 ᠢᠯᠴᠢ ᠰᠣᠯᠢᠯᠴᠠᠬᠤ ᠥᠷᠲᠡᠭᠡ ᠵᠢᠴᠢ ᠬᠠᠷᠢᠶᠠᠲᠤ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ ᠶᠢᠨ ᠬᠠᠮᠲᠤ 7 ᠢᠯᠴᠢ ᠰᠣᠯᠢᠬᠤ ᠥᠷᠲᠡᠭᠡ ᠶᠢᠨ ᠳᠤᠯᠠᠭᠠᠨ ᠢ ᠬᠠᠮᠠᠭᠠᠯᠠᠬᠤ ᠠᠵᠢᠯ ᠢ ᠬᠢᠵᠦ᠂ ᠢᠯᠴᠢ ᠰᠣᠯᠢᠬᠤ ᠬᠠᠮᠤᠭ ᠤᠨ ᠰᠠᠶᠢᠨ ᠦᠷ᠎ᠡ ᠪᠦᠲᠦᠮᠵᠢ ᠳᠤ ᠬᠦᠷᠬᠦ ᠶᠢ ᠦᠨᠡᠨ ᠬᠦ ᠪᠠᠲᠤᠯᠠᠪᠠ᠃   2 ᠳ᠋ᠤᠭᠠᠷ ᠨᠣᠮᠧᠷᠲᠤ ᠢᠯᠴᠢ ᠰᠣᠯᠢᠯᠴᠠᠬᠤ ᠥᠷᠲᠡᠭᠡ ᠶᠢᠨ ᠮᠠᠰᠢᠨ ᠴᠣᠭᠴᠠᠯᠠᠪᠤᠷᠢ᠂ ᠴᠠᠬᠢᠯᠭᠠᠨ᠂ ᠬᠤᠭᠤᠯᠠᠢ ᠶᠢ ᠥᠭᠡᠷᠡᠴᠢᠯᠡᠵᠦ᠂ ᠢᠯᠴᠢ ᠶᠢᠨ ᠬᠡᠮᠵᠢᠭᠦᠷ ᠪᠠ ᠰᠦᠯᠵᠢᠶ᠎ᠡ ᠪᠠᠷ ᠳᠠᠮᠵᠢᠭᠤᠯᠬᠤ ᠲᠤᠭ᠎ᠠ ᠪᠠᠷᠢᠮᠲᠠ᠂ ᠥᠪᠡᠰᠦᠪᠡᠨ ᠡᠵᠡᠮᠳᠡᠬᠦ ᠨᠡᠭᠡᠯᠡᠬᠡᠢ ᠶᠢ ᠰᠢᠯᠢᠳᠡᠭᠵᠢᠭᠦᠯᠦᠨ ᠲᠣᠬᠢᠷᠠᠭᠤᠯᠤᠨ ᠥᠭᠡᠷᠡᠴᠢᠯᠡᠵᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠪᠠ ᠢᠯᠴᠢ ᠬᠠᠩᠭᠠᠬᠤ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠢᠵᠢᠯ ᠠᠯᠬᠤᠮᠲᠤ ᠴᠢᠨᠠᠷ ᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠣᠨᠣᠪᠴᠢᠲᠠᠢ ᠪᠠᠶᠢᠷᠢᠰᠢᠭᠤᠯᠬᠤ ᠪᠠ ᠡᠯᠧᠺᠳ᠋ᠷᠣᠨ ᠳᠠᠩᠰᠠ ᠡᠪᠬᠡᠮᠡᠯ ᠢ ᠴᠤᠭᠯᠠᠭᠤᠯᠤᠨ ᠳᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠲᠡᠭᠦᠯᠳᠡᠷᠵᠢᠭᠦᠯᠵᠦ᠂ ᠢᠯᠴᠢ ᠬᠠᠩᠭᠠᠬᠤ ᠶᠢ ᠪᠠᠶᠢᠴᠠᠭᠠᠨ ᠵᠠᠰᠠᠵᠤ ᠥᠭᠡᠷᠡᠴᠢᠯᠡᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃    ᠣᠳᠣ ᠪᠣᠯᠲᠠᠯ᠎ᠠ᠂ ᠵᠥᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠡᠯ᠎ᠡ ᠵᠦᠢᠯ ᠤᠨ ᠪᠠᠶᠢᠴᠠᠭᠠᠨ ᠵᠠᠰᠠᠬᠤ ᠠᠵᠢᠯ ᠢ ᠲᠥᠯᠥᠪᠯᠡᠭᠡ ᠶᠣᠰᠣᠭᠠᠷ ᠡᠮᠬᠢ ᠴᠡᠭᠴᠡ ᠲᠠᠢ ᠶᠠᠪᠤᠭᠳᠠᠭᠤᠯᠵᠤ᠂ ᠺᠣᠮᠫᠠᠨᠢ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠶᠢ ᠦᠷᠭᠦᠯᠵᠢᠯᠡᠨ ᠴᠢᠩᠭ᠎ᠠ ᠠᠳᠬᠤᠵᠤ᠂ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ︽ᠡᠪᠦᠯ ᠤᠨ ᠡᠪᠡᠳᠴᠢᠨ ᠢ ᠵᠣᠨ ᠵᠠᠰᠠᠬᠤ︾ ᠢ ᠦᠨᠡᠨ ᠬᠦ ᠪᠡᠶᠡᠯᠡᠭᠦᠯᠵᠦ᠂ 2024 ᠠᠴᠠ 2025 ᠤᠨ ᠪᠣᠯᠲᠠᠯᠠᠬᠢ ᠳᠤᠯᠠᠭᠠᠯᠠᠭ᠎ᠠ ᠶᠢᠨ ᠬᠤᠭᠤᠴᠠᠭᠠᠨ ᠳᠤ ᠢᠯᠴᠢ ᠬᠠᠩᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号