G1015 ᠰᠦᠢᠶᠤᠸᠠᠨ — ᠮᠠᠨᠵᠤᠤᠷ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠢᠶᠧ ᠯᠢ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠲᠡᠯᠡᠬᠢ ᠬᠤᠯᠪᠣᠭ᠎ᠠ ᠠᠪᠬᠤ ᠱᠤᠭᠤᠮ ᠤᠨ ᠰᠢᠨ ᠹᠠ ︵  ᠦᠪᠦᠷ ᠮᠤᠩᠭᠤᠯ ᠬᠢᠷᠢᠨ ᠤ ᠬᠢᠯᠢ︶ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠲᠡᠯᠡᠬᠢ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠠᠬᠢᠯᠳᠠ ᠲᠠᠢ ᠪᠠᠶᠢᠨ᠎ᠠ
ᠨᠡᠶᠢᠲᠡᠯᠡᠭᠰᠡᠨ ᠴᠠᠭ᠄
2024/6/12
   ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠵᠦ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠠᠬᠢᠭᠤᠯᠬᠤ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ G1015 ᠰᠦᠢᠶᠤᠸᠠᠨ — ᠮᠠᠨᠵᠤᠤᠷ ᠬᠦᠷᠬᠦ  ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠲᠡᠯᠡᠬᠢ ᠬᠤᠯᠪᠣᠭ᠎ᠠ ᠠᠪᠬᠤ ᠱᠤᠭᠤᠮ ᠤᠨ ᠰᠢᠨ ᠹᠠ ︵ᠦᠪᠦᠷ ᠮᠤᠩᠭᠤᠯ ᠬᠢᠷᠢᠨ ᠤ ᠬᠢᠯᠢ︶ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠲᠡᠯᠡᠬᠢ ᠬᠡᠰᠡᠭ ᠤᠨ ᠪᠠᠷᠢᠯᠭ᠎ᠠ ᠶᠢᠨ ᠲᠥᠷᠥᠯ ᠵᠦᠢᠯ ︵ᠰᠢᠨ ᠺᠧ ᠳᠡᠭᠡᠳᠦ ᠬᠤᠷᠳᠤ ᠶᠢᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ︶ ᠤᠨ ᠪᠠᠷᠢᠯᠭ᠎ᠠ ᠶᠢᠨ ᠲᠠᠯ᠎ᠠ ᠶᠢᠨ ᠬᠢᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠨ᠂ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ ᠪᠠᠨ ᠲᠦᠷᠭᠡᠳᠬᠡᠬᠦ︾ ᠪᠣᠯᠪᠠ᠃    ᠣᠶᠢᠷ᠎ᠠ ᠶᠢᠨ ᠡᠳᠦᠷ᠂ G1015 ᠰᠦᠢ ᠮᠠᠨ ᠠᠴᠠ ᠮᠠᠨᠵᠤᠤᠷ ᠬᠦᠷᠬᠦ ᠲᠦᠷᠭᠡᠨ ᠳᠠᠪᠬᠢᠬᠤ ᠵᠠᠰᠠᠮᠠᠯ ᠵᠠᠮ ᠤᠨ ᠱᠢᠨ ᠹᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ k34 — k38740 ᠪᠠᠷᠢᠮᠵᠢᠶᠠᠲᠤ ᠬᠡᠰᠡᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠰᠤᠷᠪᠤᠯᠵᠢᠯᠠᠭᠴᠢ ᠠᠵᠢᠯᠴᠢᠳ ᠳᠡᠯᠭᠡᠬᠦ ᠮᠠᠱᠢᠨ ᠢ ᠵᠢᠯᠣᠭᠤᠳᠴᠤ ᠵᠠᠮ ᠳᠡᠪᠢᠰᠴᠦ ᠪᠠᠶᠢᠭ᠎ᠠ ᠦᠨᠳᠦᠰᠦᠨ ᠱᠠᠲᠤ ᠶᠢ ᠳᠡᠯᠭᠡᠵᠦ᠂ ᠵᠠᠮ ᠳᠠᠷᠤᠬᠤ ᠮᠠᠱᠢᠨ ᠲᠤᠬᠠᠢ ᠶᠢᠨ ᠲᠠᠯᠠᠪᠠᠢ ᠳᠤ ᠢᠷᠡᠵᠦ ᠰᠦᠯᠵᠢᠯ ᠳᠦᠵᠦ ᠪᠠᠶᠢᠬᠤ ᠶᠢ ᠣᠯᠵᠤ ᠬᠠᠷᠠᠪᠠ᠃ ᠪᠠᠰᠠ ᠨᠢᠭᠡ ᠲᠠᠯ᠎ᠠ ᠶᠢᠨ ᠠᠵᠢᠯᠴᠢᠨ ᠤᠰᠤ ᠰᠡᠷᠭᠡᠶᠢᠯᠡᠬᠦ ᠪᠥᠰ ᠢᠶᠠᠷ ᠳᠠᠷᠤᠭᠰᠠᠨ ᠵᠠᠮ ᠤᠨ ᠭᠠᠳᠠᠷᠭᠤ ᠳᠡᠭᠡᠷ᠎ᠡ᠂ ᠵᠠᠮ ᠢ ᠠᠷᠠᠴᠢᠯᠠᠨ ᠬᠠᠮᠠᠭᠠᠯᠠᠵᠤ᠂ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠬᠥᠷ ᠬᠥᠭᠵᠢᠶᠡᠨ ᠢᠶᠠᠷ ᠪᠢᠯᠬᠠᠵᠤ ᠪᠠᠶᠢᠪᠠ᠃    ᠥᠪᠥᠷ ᠮᠣᠩᠭᠤᠯ ᠤᠨ ᠵᠢᠶᠣᠣ ᠺᠧ ᠯᠦ ᠴᠢᠶᠣᠤ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ G1015 ᠰᠦᠢᠶᠤᠸᠠᠨ ᠮᠠᠨ ᠲᠦᠷᠭᠡᠨ ᠤ ᠵᠠᠮ ᠤᠨ ᠲᠥᠷᠥᠯ ᠵᠦᠢᠯ ᠤᠨ ᠬᠡᠯᠲᠡᠰ ᠤᠨ ᠲᠥᠷᠥᠯ ᠵᠦᠢᠯ ᠤᠨ ᠳᠠᠭᠠᠭᠠᠮᠠᠯ ᠭᠦᠸᠧ ᠶᠢᠨ ᠸᠧᠢ᠄ ︽ᠰᠦᠢᠶᠤᠸᠠᠨ — ᠮᠠᠨᠵᠤᠤᠷ ᠬᠦᠷᠬᠦ ᠲᠦᠷᠭᠡᠨ ᠤ ᠵᠠᠰᠠᠮᠠᠯ ᠵᠠᠮ ᠤᠨ K25 000 — K47 300 ᠬᠡᠰᠡᠭ ᠢ ᠮᠠᠨ ᠤ ᠺᠣᠮᠫᠠᠨᠢ ᠶᠢᠨ ᠥᠪᠥᠷ ᠮᠣᠩᠭᠤᠯ ᠤᠨ ᠵᠢᠶᠣᠣ ᠺᠧ ᠯᠦ ᠴᠢᠶᠣᠤ ᠠᠴᠠ ᠳᠠᠭᠠᠭᠠᠴᠢᠯᠠᠨ ᠪᠠᠶᠢᠭᠤᠯᠵᠤ᠂ ᠣᠳᠣᠬᠠᠨ ᠳᠤ ᠲᠥᠷᠥᠯ ᠵᠦᠢᠯ ᠨᠢᠭᠡᠨᠲᠡ ᠪᠦᠬᠦ ᠲᠠᠯ᠎ᠠ ᠪᠠᠷ ᠤᠰᠤᠨ ᠤ ᠲᠣᠭᠲᠠᠭᠤᠨ ᠳᠡᠯᠭᠡᠴᠡ ᠶᠢᠨ ᠱᠠᠲᠤᠨ ᠳᠤ ᠣᠷᠣᠵᠤ᠂ ᠵᠢᠱᠢᠯᠲᠡ ᠪᠠᠷ ᠵᠢᠯ ᠤᠨ ᠡᠴᠦᠰ ᠲᠤ ᠭᠤᠣᠯ ᠱᠤᠭᠤᠮ ᠪᠦᠬᠦ ᠲᠠᠯ᠎ᠠ ᠪᠠᠷ ᠪᠠᠶᠢᠭᠤᠯᠤᠭᠳᠠᠨ ᠨᠡᠪᠲᠡᠷᠡᠵᠦ᠂ ᠲᠥᠷᠥᠯ ᠵᠦᠢᠯ ᠤᠨ ᠬᠡᠯᠲᠡᠰ ᠠᠴᠠ ᠠᠵᠢᠯᠲᠠᠨ ᠵᠢᠴᠢ ᠮᠠᠰᠢᠨ ᠲᠥᠬᠦᠭᠡᠷᠦᠮᠵᠢ ᠶᠢᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠲᠤᠰ ᠲᠥᠷᠥᠯ ᠵᠦᠢᠯ ᠢᠶᠠᠨ ᠵᠠᠭᠤᠨ ᠵᠢᠯ ᠤᠨ ᠶᠠᠰᠤ ᠴᠢᠨᠠᠷ ᠤᠨ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠶᠢ ᠪᠠᠲᠤᠯᠠᠨ᠎ᠠ︾ ᠭᠡᠵᠦ ᠬᠡᠯᠡᠪᠡ᠃    ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠬᠤᠪᠢᠶᠠᠷᠢ ᠺᠣᠮᠫᠠᠨᠢ ᠶᠢᠨ ᠰᠢᠨ᠎ᠡ ᠰᠠᠯᠠᠭᠠᠨ ᠤ ᠲᠥᠷᠥᠯ ᠵᠦᠢᠯ ᠤᠨ ᠠᠯᠪᠠᠨ ᠭᠡᠷ ᠤᠨ ᠡᠷᠬᠢᠯᠡᠭᠴᠢ ᠹᠧᠩ ᠪᠢᠨ ᠬᠡᠯᠡᠬᠦ ᠳᠡᠭᠡᠨ᠄ ︽G1015 ᠳᠡᠭᠡᠳᠦ ᠬᠤᠷᠳᠤ ᠶᠢᠨ ᠵᠠᠰᠠᠮᠠᠯ ᠵᠠᠮ ᠪᠣᠯ ᠰᠦᠢᠶᠤᠸᠠᠨ — ᠮᠠᠨᠵᠤᠤᠷ ᠬᠦᠷᠬᠦ ᠳᠡᠭᠡᠳᠦ ᠬᠤᠷᠳᠤ ᠶᠢᠨ ᠵᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠢ ᠬᠠᠷᠢᠯᠴᠠᠬᠤ ᠱᠤᠭᠤᠮ᠂ ᠥᠪᠥᠷ ᠮᠣᠩᠭᠤᠯ ᠤᠨ ᠬᠠᠷᠠᠮᠥ᠋ᠷᠡᠨ᠂ ᠭᠢᠷᠢᠨ ᠳᠤ ᠨᠡᠪᠲᠡᠷᠡᠬᠦ ᠴᠢᠬᠤᠯᠠ ᠵᠠᠮ ᠬᠠᠷᠢᠯᠴᠠᠭᠠᠨ ᠤ ᠶᠡᠭᠡ ᠵᠠᠮ ᠪᠣᠯᠤᠨ᠎ᠠ᠂ ᠣᠳᠣᠬᠠᠨ ᠳᠤ ᠢᠨᠵᠧᠨᠧᠷᠢᠩ ᠨᠢ ᠨᠢᠭᠡᠨᠲᠡ 65% ᠠᠴᠠ ᠳᠡᠭᠡᠭᠰᠢ ᠳᠠᠭᠤᠰᠴᠤ᠂ ᠵᠢᠱᠢᠯᠲᠡ ᠪᠠᠷ ᠵᠢᠯ ᠤᠨ ᠡᠴᠦᠰ ᠲᠤ ᠭᠤᠣᠯ ᠱᠤᠭᠤᠮ ᠨᠡᠪᠲᠡᠷᠡᠨ᠎ᠡ᠃ ᠪᠦᠬᠦ ᠤᠯᠤᠰ ᠤᠨ ᠲᠦᠷᠦᠭᠦᠦ ᠪᠦᠯᠦᠭ᠂ ᠥᠪᠡᠷᠲᠡᠭᠡᠨ ᠵᠠᠰᠠᠬᠤ ᠣᠷᠣᠨ ᠤ ᠠᠮᠤᠷ ᠠᠮᠤᠭᠤᠯᠠᠩ ᠵᠠᠭᠤᠨ ᠵᠢᠯ ᠤᠨ ᠶᠠᠰᠤ ᠴᠢᠨᠠᠷ ᠤᠨ ᠵᠢᠱᠢᠶ᠎ᠡ ᠦᠵᠡᠭᠦᠯᠬᠦ ᠠᠩᠬᠠᠳᠠᠭᠴᠢ ᠢᠨᠵᠧᠨᠧᠷᠢᠩ ᠪᠣᠯᠤᠭᠰᠠᠨ ᠤ ᠬᠤᠪᠢ ᠳᠤ᠂ ᠲᠤᠰ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠬᠤᠨᠳᠠᠭᠠᠲᠤ ᠪᠠ ᠤᠯᠤᠰ ᠤᠨ ᠴᠢᠨᠠᠷ ᠰᠠᠶᠢᠲᠠᠢ ᠢᠨᠵᠧᠨᠧᠷᠢᠩ ᠤᠨ ᠯᠦᠪᠠᠨ ᠱᠠᠩᠨᠠᠯ ᠢ ᠭᠥᠷᠳᠡᠬᠦ ᠪᠠᠷ ᠴᠢᠷᠮᠠᠶᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠣᠷᠣᠨ ᠪᠦᠰᠡ ᠶᠢᠨ ᠵᠠᠮ ᠬᠠᠷᠢᠯᠴᠠᠭᠠᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠵᠢᠴᠢ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ︾ ᠭᠡᠵᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号