ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠵᠦ ᠪᠦᠬᠦ ᠪᠥᠮᠪᠥᠷᠴᠡᠭ ᠤᠨ ᠦᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠦ ᠣᠷᠴᠢᠨ ᠢ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/6/12
   ᠯᠢ ᠴᠢᠶᠠᠩ ᠸᠠᠩ ᠬᠤ᠋ ᠨᠢᠩ ᠼᠠᠢ ᠴᠢ ᠣᠷᠣᠯᠴᠠᠪᠠ   ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠬᠢᠯᠡᠭᠴᠢ ᠰᠢ ᠶᠢᠨ ᠫᠢᠩ 6 ᠰᠠᠷ᠎ᠠ ᠶᠢᠨ 11 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠬᠦ ᠲᠤᠬᠠᠶ ᠰᠠᠨᠠᠯ︾᠂ ︽ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠡᠴᠡ ᠪᠣᠯᠤᠨ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠦᠬᠦᠪᠦᠷᠢ ᠦᠭᠬᠦ ᠲᠣᠭᠲᠡᠴᠡ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾᠂ ︽ᠪᠥᠬᠦ ᠪᠥᠮᠪᠥᠷᠴᠡᠭ ᠤᠨ ᠥᠷᠢᠰᠥᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠦ ᠣᠷᠴᠢᠨ ᠢ ᠪᠠᠶᠢᠭᠤᠯᠬᠤ ᠲᠤᠬᠠᠶ ᠰᠠᠨᠠᠯ ᠤᠳ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃   ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠬᠦ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠵᠠᠰᠠᠭ ᠠᠵᠤ ᠠᠬᠤᠶᠢᠯᠠᠯ ᠢ ᠰᠠᠯᠭᠠᠭᠰᠠᠨ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠬᠦ ᠶᠢ ᠠᠬᠢᠭᠤᠯᠵᠤ᠂ ᠨᠡᠩ ᠤᠯᠠᠨ ᠳᠡᠯᠡᠬᠡᠢ ᠶᠢᠨ ᠲᠡᠷᠢᠭᠦᠨ ᠤ ᠠᠵᠤ ᠠᠬᠤᠶᠢᠯᠠᠯ ᠢ ᠪᠤᠶᠢᠵᠢᠭᠤᠯᠬᠤ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠳᠤ ᠡᠷᠬᠡᠪᠰᠢ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠪᠠ ᠣᠷᠣᠨ ᠨᠤᠲᠤᠭ ᠤᠨ ᠠᠮᠤ ᠪᠤᠳᠠᠭ᠎ᠠ ᠲᠠᠷᠢᠬᠤ ᠶᠢ ᠠᠳᠬᠤᠬᠤ ᠢᠳᠡᠪᠬᠢᠵᠢᠯ ᠢ ᠬᠠᠮᠠᠭᠠᠯᠠᠨ ᠲᠠᠶᠢᠴᠢᠯᠠᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠡᠴᠡ ᠪᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠥᠷᠢ ᠦᠭᠬᠦ ᠲᠣᠭᠲᠡᠴᠡ ᠶᠢ ᠪᠦᠷᠢᠨᠰᠢᠭᠦᠯᠵᠦ᠂ ᠲᠦᠷᠦ ᠶᠢᠨ ᠪᠤᠳᠤᠯᠭ᠎ᠠ ᠶᠢᠨ ᠣᠨᠣᠪᠴᠢᠲᠤ ᠴᠢᠨᠠᠷ᠂ ᠪᠣᠳᠠᠲᠤ ᠦᠷ᠎ᠠ ᠪᠦᠳᠦᠮᠵᠢᠳᠦ ᠴᠢᠨᠠᠷ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠡᠭᠡᠭᠡᠯᠲᠡ ᠬᠢᠬᠦ ᠪᠠᠷ ᠰᠢᠨ᠎ᠡ ᠶᠢ ᠡᠭᠦᠳᠬᠦ ᠶᠢ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠳᠠᠭᠠᠳᠤ ᠨᠡᠭᠡᠭᠡᠯᠲᠡ ᠬᠢᠬᠦ ᠪᠠᠶᠢᠭᠤᠯᠤᠮᠵᠢ ᠲᠣᠭᠲᠡᠴᠡ ᠶᠢ ᠪᠦᠷᠢᠨᠰᠢᠭᠦᠯᠵᠦ᠂ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠲᠤᠪᠤᠶᠢᠯᠭᠠᠵᠦ᠂ ᠨᠡᠭᠡᠭᠡᠯᠲᠡ ᠬᠢᠵᠦ ᠰᠢᠨ᠎ᠡ ᠶᠢ ᠡᠭᠦᠳᠬᠦ ᠳᠦᠷᠢᠮ ᠤᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠬᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠪᠠ᠃   ᠬᠤᠷᠠᠯ ᠠᠴᠠ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠬᠦ ᠳᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠭᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠡᠪᠴᠢᠶ᠎ᠡ᠂ ᠬᠥᠭᠵᠢᠯᠲᠡ ᠶᠢᠨ ᠱᠠᠲᠤ ᠦᠶ᠎ᠡ᠂ ᠥᠮᠴᠢᠯᠡᠯ ᠤᠨ ᠲᠦᠷᠢᠮ ᠤᠨ ᠰᠢᠨᠵᠢ ᠴᠢᠨᠠᠷ ᠵᠡᠷᠭᠡ ᠶᠢ ᠦᠨᠳᠦᠰᠦᠯᠡᠨ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠥᠲᠥᠯᠥᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠤᠳᠤᠷᠢᠳᠬᠤ ᠳᠦᠷᠢᠮ ᠲᠣᠭᠲᠡᠴᠡ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠢᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠪᠠᠶᠢᠭᠤᠯᠬᠤ ᠶᠢ ᠵᠣᠷᠢᠭᠵᠢᠭᠤᠯᠵᠤ᠂ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠬᠤᠪᠢ ᠣᠷᠣᠭᠤᠯᠤᠭᠴᠢ ᠢᠢᠨ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠡᠴᠡ ᠶᠢ ᠪᠦᠷᠢᠨᠰᠢᠬᠦᠯᠵᠤ᠂ ᠨᠠᠮ ᠤᠨ ᠪᠠᠶᠢᠭᠤᠯᠤᠯᠲᠠ ᠶᠢᠨ ᠬᠦᠳᠤᠯᠤᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠤᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠦᠬᠦᠪᠦᠷᠢ ᠦᠭᠬᠦ ᠲᠣᠭᠲᠠᠴᠠ ᠶᠢ ᠪᠦᠷᠢᠨᠰᠢᠬᠦᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠦᠨ᠎ᠡ ᠬᠠᠩᠰᠢ᠂ ᠨᠥᠬᠦᠪᠥᠷᠢ᠂ ᠳᠠᠭᠠᠳᠬᠠᠯ ᠵᠡᠷᠭᠡ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠡᠵᠡᠩᠨᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠱᠠᠩᠨᠠᠵᠤ ᠨᠥᠬᠦᠪᠥᠷᠢᠯᠡᠬᠦ ᠶᠢ ᠵᠣᠷᠢᠭᠵᠢᠭᠤᠯᠬᠤ ᠲᠦᠷᠢᠮ ᠢ ᠪᠦᠷᠢᠨᠰᠢᠬᠦᠯᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠣᠷᠣᠨ ᠳᠤ ᠤᠯᠠᠨ ᠠᠷᠭ᠎ᠠ ᠵᠠᠮ ᠢᠶᠠᠷ ᠠᠰᠢᠭ ᠲᠤᠰᠠ ᠶᠢᠨ ᠨᠦᠬᠦᠪᠦᠷᠢ ᠦᠭᠬᠦ ᠠᠷᠭ᠎ᠠ ᠶᠢ ᠰᠦᠪᠡᠭᠴᠢᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠵᠦ ᠬᠠᠮᠠᠭᠠᠯᠠᠬᠤ ᠰᠢᠰᠲ᠋ᠧᠮ ᠢ ᠪᠦᠷᠢᠨᠰᠢᠬᠦᠯᠬᠦ ᠬᠡᠷᠡᠭᠲᠡᠢ᠃ ᠮᠤᠵᠢ ᠶᠢᠨ ᠬᠤᠭᠤᠷᠣᠨᠳᠣᠬᠢ ᠠᠰᠢᠭ ᠲᠤᠰᠠ ᠶᠢᠨ ᠨᠥᠬᠦᠪᠥᠷᠢ ‍ᠦᠬ᠋ᠬᠦ ᠲᠣᠭᠲᠠᠴᠠ ᠶᠢ ᠪᠠᠶᠢᠭᠤᠯᠬᠤ ᠲᠠᠯ᠎ᠠ ᠪᠠᠷ ᠪᠣᠳᠠᠳᠠᠢ ᠠᠯᠬᠤᠮ ᠢ ᠠᠯᠬᠤᠵᠤ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ᠂ ᠭᠤᠣᠯ ᠪᠣᠷᠣᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠣᠯᠠᠭᠤᠯᠭ᠎ᠠ ᠲᠡᠩᠴᠡᠭᠦᠷᠢᠲᠡᠢ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠮᠲᠤ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠢᠢ ᠠᠬᠢᠭᠤᠯᠬᠤ ᠬᠡᠷᠡᠭᠲᠡᠢ᠃ ᠵᠢᠵᠢᠭ ᠲᠠᠷᠢᠶᠠᠴᠢᠨ ᠡᠷᠦᠬᠡ ᠪᠣᠯᠤᠨ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠨᠢᠭᠡᠳᠦᠯᠲᠡᠶ ᠲᠥᠯᠥᠪᠵᠢᠭᠦᠯᠦᠨ ᠳᠡᠮᠵᠢᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠂ ᠦᠢᠯᠡᠴᠢᠯᠡᠵᠦ ᠬᠥᠲᠥᠯᠥᠨ ᠵᠢᠯᠣᠭᠤᠳᠬᠤ᠂ ᠠᠰᠢᠭ ᠲᠤᠰᠠ ᠶᠢᠨ ᠬᠤᠯᠪᠤᠭ᠎ᠠ ᠵᠡᠷᠭᠡ ᠶᠢ ᠴᠢᠩᠭᠠᠳᠬᠠᠵᠤ᠂ ᠵᠢᠵᠢᠭ ᠲᠠᠷᠢᠶᠠᠴᠢᠨ ᠡᠷᠦᠬᠡ ᠪᠣᠯᠤᠨ ᠣᠲᠣ ᠦᠶ᠎ᠡ ᠶᠢᠨ ᠬᠥᠳᠡᠭᠡ ᠠᠵᠤ ᠠᠬᠤᠶ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ᠂ ᠪᠦᠬᠦ ᠪᠥᠮᠪᠥᠷᠴᠡᠭ ᠤᠨ ᠦᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠦ ᠣᠷᠴᠢᠨ ᠢ ᠪᠠᠶᠢᠭᠤᠯᠬᠤ ᠳᠤ᠂ ︽ᠭᠠᠷᠴᠤ ᠶᠠᠪᠤᠬᠤ︾ ᠪᠠ ︽ᠣᠷᠣᠭᠤᠯᠤᠨ ᠠᠪᠴᠢᠷᠠᠬᠤ ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠭᠡᠵᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠬᠠᠨᠢᠲᠠᠨ ᠤ ᠬᠠᠷᠢᠯᠴᠠᠭ᠎ᠠ ᠶᠢ ᠴᠢᠷᠮᠠᠶᠢᠨ ᠪᠠᠶᠢᠭᠤᠯᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠤᠷᠢᠳᠴᠢᠯᠠᠨ ᠲᠥᠰᠦᠪᠯᠡᠬᠦ ᠪᠠ ᠭᠦᠨᠵᠡᠭᠡᠢ ᠣᠷᠣᠯᠴᠠᠬᠤ ᠶᠢ ᠪᠠᠷᠢᠮᠲᠠᠯᠠᠬᠤ ᠬᠡᠷᠡᠭᠲᠡᠢ᠃ ᠳᠡᠯᠡᠬᠡᠶᠢᠵᠢᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠪᠣᠳᠠᠲᠠᠢ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠬᠠᠷᠠᠭᠠᠯᠠᠨ᠂ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠤᠷ ᠲᠦᠪᠰᠢᠨ ᠤ ᠲᠦᠷᠢᠮ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠬᠦᠯᠵᠤ᠂ ᠨᠡᠭᠡᠭᠡᠯᠲᠡᠲᠦ ᠣᠷᠴᠢᠨ ᠨᠦᠬᠦᠴᠡᠯ ᠳ᠋ᠤ᠋ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号