ᠰᠢ ᠶᠢᠨ ᠫᠢᠩ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ ᠶᠣᠣ ᠴᠢ ᡁᠢ ᠳᠤ ᠬᠠᠷᠢᠭᠤ ᠵᠠᠬᠢᠳᠠᠯ ᠢᠯᠡᠭᠡᠬᠦ ᠳᠡᠭᠡᠨ ᠴᠢᠬᠤᠯᠠᠴᠢᠯᠠᠭᠰᠠᠨ ᠨᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/6/12
   ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 12 ᠤᠨ ᠴᠠᠬᠢᠯᠭᠠᠨ ᠮᠡᠳᠡᠭᠡ  ᠣᠶᠢᠷ᠎ᠠ ᠳᠤ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ ᠶᠣᠣ ᠴᠢ ᡁᠢ ᠳᠤ ᠬᠠᠷᠢᠭᠤ ᠵᠠᠬᠢᠳᠠᠯ ᠢᠯᠡᠭᠡᠵᠦ᠂ ᠲᠡᠭᠦᠨ ᠳᠤ ᠴᠢᠩ ᠰᠡᠳᠬᠢᠯ ᠤᠨ ᠮᠡᠨᠳᠦᠴᠢᠯᠡᠯ ᠪᠠ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠪᠠ᠃    ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠤᠯᠤᠰ ᠳᠠᠭᠠᠨ ᠪᠤᠴᠠᠵᠤ ᠢᠷᠡᠭᠡᠳ ᠬᠤᠷᠢᠨ ᠵᠢᠯ ᠤᠨ ᠲᠤᠷᠰᠢ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠤᠯᠤᠰ ᠳᠠᠭᠠᠨ ᠮᠡᠳᠡᠭᠦᠯᠬᠦ ᠠᠶᠠᠯᠠᠯ ᠪᠣᠯᠭᠠᠨ ᠬᠤᠪᠢᠷᠠᠭᠤᠯᠵᠤ᠂ ᠴᠢᠩᠬᠤᠸᠠ ᠶᠡᠭᠡ ᠰᠤᠷᠭᠠᠭᠤᠯᠢ ᠳᠤ ᠨᠢᠭᠡ ᠰᠡᠳᠬᠢᠯ ᠢᠶᠠᠷ ᠠᠵᠢᠯᠯᠠᠵᠤ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠳᠤ ᠴᠥᠮ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃     ᠰᠢ ᠶᠢᠨ ᠫᠢᠩ᠂ ᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠯᠠᠨ ᠢ ᠳᠠᠭᠠᠭᠤᠯᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠯ ᠪᠣᠯᠤᠨ ᠬᠤᠰᠢᠭᠤᠷᠠᠯ ᠰᠢᠨ᠎ᠡ ᠶᠢ ᠡᠭᠦᠳᠬᠦ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠴᠢᠳᠠᠪᠤᠷᠢᠲᠠᠨ ᠢ ᠬᠥᠮᠦᠵᠢᠭᠦᠯᠬᠦ ᠪᠠ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠶᠣᠣ ᠴᠢ ᡁᠢ ᠤᠤᠯ ᠨᠢ ᠤᠷᠲᠤ ᠬᠤᠭᠤᠴᠠᠭ᠎ᠠ ᠪᠠᠷ ᠠᠮᠧᠷᠢᠺᠠ ᠶᠢᠨ ᠶᠡᠭᠡ ᠳᠡᠭᠡᠳᠦ ᠰᠤᠷᠭᠠᠭᠤᠯᠢ ᠳᠤ ᠪᠠᠭᠰᠢᠯᠠᠵᠤ᠂ 2004 ᠣᠨ ᠳᠤ ᠪᠦᠬᠦ ᠠᠵᠢᠯ ᠢᠶᠠᠷ ᠢᠶᠠᠨ ᠤᠯᠤᠰ ᠳᠠᠭᠠᠨ ᠪᠤᠴᠠᠵᠤ ᠴᠢᠩᠬᠤᠸᠠ ᠶᠡᠭᠡ ᠰᠤᠷᠭᠠᠭᠤᠯᠢ ᠳᠤ ᠪᠠᠭᠰᠢᠯᠠᠵᠤ᠂ ᠣᠳᠣ ᠴᠢᠩᠬᠤᠸᠠ ᠶᠡᠭᠡ ᠰᠤᠷᠭᠠᠭᠤᠯᠢ ᠶᠢᠨ ᠵᠣᠬᠢᠶᠠᠮᠠᠯ ᠣᠶᠤᠨ ᠴᠢᠳᠠᠪᠤᠷᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ᠂ ᠰᠣᠯᠪᠢᠴᠠᠭᠰᠠᠨ ᠮᠡᠳᠡᠭᠡ ᠵᠠᠩᠭᠢ ᠶᠢᠨ ᠰᠤᠳᠤᠯᠭᠠᠨ ᠤ ᠬᠦᠷᠢᠶᠡᠯᠡᠩ ᠤᠨ ᠵᠠᠬᠢᠷᠤᠯ ᠪᠣᠯᠵᠠᠢ᠃ ᠣᠶᠢᠷ᠎ᠠ ᠳᠤ᠂ ᠶᠣᠣ ᠴᠢ ᡁᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠤᠯᠤᠰ ᠳᠠᠭᠠᠨ ᠪᠤᠴᠠᠵᠤ ᠪᠠᠭᠰᠢᠯᠠᠭᠰᠠᠨ 20 ᠵᠢᠯ ᠤᠨ ᠲᠤᠷᠰᠢ ᠴᠢᠳᠠᠪᠤᠷᠢᠲᠠᠨ ᠬᠥᠮᠦᠵᠢᠭᠦᠯᠦᠭᠰᠡᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠦᠭᠰᠡᠨ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠯᠤᠰ ᠳᠠᠭᠠᠨ ᠵᠢᠳᠬᠦᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号