︽ᠠᠶᠢᠯ ᠲᠣᠰᠬᠤᠨ ᠤ ᠠᠷᠢᠭᠤᠨ ᠴᠡᠪᠡᠷ ᠡᠳᠦᠷ︾ ᠤᠨ ᠠᠵᠢᠯᠯᠠᠭ᠎ᠠ ᠶᠢ ᠥᠷᠨᠢᠭᠦᠯᠵᠦ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠬᠦᠯᠦᠨ᠎ᠡ
ᠨᠡᠶᠢᠲᠡᠯᠡᠭᠰᠡᠨ ᠴᠠᠭ᠄
2024/6/14
   ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠲᠦᠯᠢᠶᠡᠮᠤᠳᠤ ᠪᠠᠯᠭᠠᠰᠤᠨ ᠤ ᠡᠯ᠎ᠡ ᠭᠠᠴᠠᠭ᠎ᠠ ᠭᠠᠷᠠᠭ ᠪᠦᠷᠢ ᠶᠢᠨ ᠬᠤᠶᠠᠷ ᠲᠤ ︽ᠠᠶᠢᠯ ᠲᠣᠰᠬᠤᠨ ᠤ ᠠᠷᠢᠭᠤᠨ ᠴᠡᠪᠡᠷ ᠤᠨ ᠡᠳᠦᠷ︾ ᠤᠨ ᠠᠵᠢᠯᠯᠠᠭ᠎ᠠ ᠥᠷᠨᠢᠭᠦᠯᠪᠡ᠃ ᠣᠶᠢᠷ᠎ᠠ ᠳᠤ᠂ ᠪᠦᠬᠦ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠤ ᠠᠷᠢᠭᠤᠨ ᠴᠡᠪᠡᠷ ᠤᠨ ᠡᠳᠦᠷᠯᠢᠭ ᠤᠨ ᠠᠵᠢᠯᠯᠠᠭ᠎ᠠ ᠥᠷᠨᠢᠭᠦᠯᠵᠦ᠂ ᠠᠶᠢᠯ ᠲᠣᠰᠬᠤᠨ ᠵᠢᠴᠢ ᠡᠷᠭᠢᠨ ᠲᠣᠭᠤᠷᠢᠨ ᠤ ᠬᠤᠭ ᠨᠣᠪᠰᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠪᠠ᠃    ᠲᠤᠰ ᠤᠳᠠᠭᠠᠨ ᠤ ︽ᠠᠶᠢᠯ ᠲᠣᠰᠬᠤᠨ ᠤ ᠠᠷᠢᠭᠤᠨ ᠴᠡᠪᠡᠷ ᠡᠳᠦᠷ︾ ᠢ ᠠᠷᠢᠯᠭᠠᠨ ᠠᠶᠢᠯ ᠲᠣᠰᠬᠤᠨ ᠤ ᠵᠠᠰᠠᠮᠠᠯ ᠵᠠᠮ᠂ ᠲᠡᠮᠦᠷ ᠵᠠᠮ ᠳᠠᠭᠠᠤ᠂ ᠵᠡᠭᠡᠯᠢ ᠭᠤᠳᠤᠮᠵᠢ᠂ ᠭᠤᠣᠯ ᠤᠨ ᠬᠥᠪᠡᠭᠡ ᠵᠢᠴᠢ ᠭᠤᠤ ᠰᠤᠪᠠᠭ ᠵᠡᠷᠭᠡ ᠵᠠᠩᠭᠢᠯᠠᠭ᠎ᠠ ᠶᠢᠨ ᠣᠷᠣᠨ ᠪᠦᠰᠡ ᠶᠢ 130 ᠭᠠᠷᠤᠢ ᠬᠥᠮᠦᠨ ᠤᠳᠠᠭ᠎ᠠ᠂ 70 ᠭᠠᠷᠤᠢ ᠲᠡᠷᠭᠡ ᠬᠥᠰᠬᠡ ᠲᠥᠬᠦᠭᠡᠷᠦᠮᠵᠢ ᠶᠢ ᠬᠥᠳᠡᠯᠭᠡᠵᠦ᠂ ᠨᠡᠶᠢᠲᠡ 100 ᠭᠠᠷᠤᠢ ᠲᠣᠨ ᠬᠤᠭ ᠨᠣᠪᠰᠢ ᠶᠢ ᠴᠡᠪᠡᠷᠯᠡᠪᠡ᠃ ᠪᠦᠬᠦ ᠲᠠᠯ᠎ᠠ ᠪᠠᠷ ᠭᠦᠨᠵᠡᠭᠡᠢ ᠴᠡᠪᠡᠷᠯᠡᠬᠦ ᠪᠠᠷ ᠳᠠᠮᠵᠢᠨ᠂ ᠠᠶᠢᠯ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠳᠡᠭᠡᠭᠰᠢᠯᠡᠵᠦ ᠰᠠᠶᠢᠵᠢᠷᠠᠪᠠ᠃ ᠠᠷᠢᠭᠤᠨ ᠴᠡᠪᠡᠷ ᠤᠨ ᠠᠵᠢᠯ ᠤᠨ ᠦᠷᠭᠦᠯᠵᠢᠯᠡᠨ ᠪᠦᠲᠦᠮᠵᠢᠲᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠲᠦᠯᠢᠶᠡᠮᠤᠳᠤ ᠪᠠᠯᠭᠠᠰᠤ ︽ᠠᠶᠢᠯ ᠲᠣᠰᠬᠤᠨ ᠤ ᠠᠷᠢᠭᠤᠨ ᠴᠡᠪᠡᠷ ᠤᠨ ᠡᠳᠦᠷ︾ ᠤᠨ ᠳᠦᠷᠢᠮ ᠢ ᠪᠠᠶᠢᠩᠭᠤᠵᠢᠭᠤᠯᠤᠨ ᠬᠡᠷᠡᠭᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号