ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠪᠡ
ᠨᠡᠶᠢᠲᠡᠯᠡᠭᠰᠡᠨ ᠴᠠᠭ᠄
2024/6/14
    ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠣᠷᠴᠢᠮᠬᠠᠨ ᠳᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ ᠤᠨ ᠪᠢᠴᠢᠭ ᠲᠤ ᠭᠠᠷ ᠤᠨ ᠣᠢᠰᠤᠭ ᠵᠢᠷᠤᠵᠤ᠂ ︽ᠡᠷᠭᠡ ᠳᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ︾ ᠢ ᠨᠡᠶᠢᠲᠡᠯᠡᠵᠦ᠂ 2024 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ  ᠭᠡᠷᠡᠭᠵᠢᠬᠦᠯᠦᠨ᠎ᠡ᠃ ︽ᠲᠦᠷᠢᠮ︾ ᠳᠤ ᠨᠡᠶᠢᠲᠡ 5 ᠪᠦᠯᠦᠭ 27 ᠵᠦᠢᠯ ᠪᠠᠶᠢᠵᠤ᠂ ᠭᠤᠣᠯᠳᠠᠭᠤ ᠳᠣᠣᠷᠠᠬᠢ ᠠᠭᠤᠯᠭ᠎ᠠ ᠶᠢ ᠲᠣᠭᠲᠠᠭᠠᠪᠠ᠃    ᠨᠢᠭᠡ ᠳᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ︵ᠳᠣᠷᠣᠭᠰᠢ ᠨᠠᠶᠢᠷᠠᠭᠤᠯᠤᠨ ᠪᠢᠴᠢᠬᠦ ᠨᠢᠭᠡᠴᠡ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠲᠤᠭᠤᠷᠪᠢᠬᠤ ᠨᠢ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ︵ᠳᠣᠷᠣᠭᠰᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠨᠠᠶᠢᠷᠠᠭᠤᠯᠤᠨ ᠪᠢᠴᠢᠬᠦ ᠳᠤ ᠲᠤᠰ ᠳᠦᠷᠢᠮ ᠤᠨ ᠲᠣᠭᠲᠠᠭᠠᠯ ᠶᠣᠰᠣᠭᠠᠷ ᠡᠷᠭᠡ ᠳᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃    ᠬᠤᠶᠠᠷ ᠲᠤ᠂ ᠬᠤᠯᠪᠣᠭᠳᠠᠯ ᠪᠦᠬᠦᠢ ᠲᠠᠯ᠎ᠠ ᠶᠢᠨ ᠲᠤᠰᠢᠶᠠᠯ ᠬᠠᠷᠢᠭᠤᠴᠠᠯᠭ᠎ᠠ ᠶᠢ ᠲᠣᠭᠲᠠᠭᠠᠪᠠ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠷᠭᠡ ᠳᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠵᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠦᠬᠦ ᠤᠯᠤᠰ ᠤᠨ ᠡᠷᠭᠡ ᠳᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠢᠯᠣᠭᠤᠳᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠷᠭᠡ ᠳᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠬᠠᠷᠢᠭᠤᠴᠠᠨ ᠵᠢᠯᠣᠭᠤᠳᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ ᠢ ᠰᠢᠮᠳᠠᠭᠤᠯᠵᠤ ᠪᠠᠶᠢᠭᠠᠳ ᠡᠷᠭᠡ ᠳᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠡᠷᠭᠡ ᠳᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠪᠦᠰᠡ ᠳᠤ ᠪᠠᠨ ᠡᠷᠭᠡ ᠳᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃    ᠭᠤᠷᠪᠠ ᠳᠤ᠂ ᠡᠷᠭᠡ ᠳᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠶᠢ ᠲᠣᠳᠣᠷᠬᠠᠶᠢᠯᠠᠨ᠎ᠠ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠷᠠᠭᠤᠯᠤᠨ ᠪᠢᠴᠢᠬᠦ ᠳᠤ᠂ ᠵᠠᠬ᠎ᠠ ᠳᠡᠯᠭᠡᠭᠦᠷ ᠲᠤ ᠣᠷᠣᠬᠤ ᠶᠢ ᠬᠢᠵᠠᠭᠠᠷᠯᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠢᠵᠠᠭᠠᠷᠯᠠᠬᠤ ᠪᠠ ᠲᠠᠸᠠᠷ ᠪᠣᠯᠤᠨ ᠴᠢᠬᠤᠯᠠ ᠬᠦᠴᠦᠨ ᠵᠦᠢᠯ ᠤᠨ ᠴᠢᠯᠥᠭᠡᠲᠡᠢ ᠰᠢᠯᠵᠢᠬᠦ ᠶᠢ ᠬᠢᠵᠠᠭᠠᠷᠯᠠᠬᠤ᠂ ᠬᠢᠵᠠᠭᠠᠷᠯᠠᠭᠰᠠᠨ ᠪᠠ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠵᠦᠢ ᠵᠣᠬᠢᠰ ᠦᠭᠡᠢ ᠨᠥᠯᠥᠭᠡᠯᠡᠬᠦ ᠪᠠ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠨᠥᠯᠥᠭᠡᠯᠡᠬᠦ ᠠᠭᠤᠯᠭ᠎ᠠ ᠠᠭᠤᠯᠵᠤ ᠪᠣᠯᠬᠤ ᠦᠭᠡᠢ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠥᠷᠢᠰᠥᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠦᠷ᠎ᠡ ᠳ᠋ᠦᠩ ᠲᠠᠢ ᠪᠣᠯᠪᠠᠴᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠪᠡᠶᠡᠯᠡᠭᠦᠯᠬᠦ ᠵᠡᠷᠭᠡ ᠲᠣᠭᠲᠠᠭᠠᠯ ᠤᠨ ᠪᠠᠶᠢᠳᠠᠯ ᠲᠠᠢ ᠨᠡᠶᠢᠴᠡᠬᠦ ᠮᠥᠷᠲᠡᠭᠡᠨ ᠭᠤᠣᠯᠴᠢ ᠥᠷᠢᠰᠥᠯᠳᠦᠭᠡᠨ ᠳᠤ ᠨᠡᠩ ᠪᠠᠭ᠎ᠠ ᠨᠥᠯᠥᠭᠡᠯᠡᠬᠦ ᠣᠷᠣᠯᠠᠬᠤ ᠲᠥᠰᠦᠯ ᠦᠭᠡᠢ ᠪᠥᠭᠡᠳ ᠵᠦᠢ ᠵᠣᠬᠢᠰᠲᠠᠢ ᠬᠡᠷᠡᠭᠵᠢᠭᠦᠯᠬᠦ ᠬᠤᠭᠤᠴᠠᠭ᠎ᠠ ᠶᠢ ᠲᠣᠭᠲᠠᠭᠠᠵᠤ ᠴᠢᠳᠠᠬᠤ ᠪᠤᠶᠤ ᠳᠠᠭᠤᠰᠬᠠᠬᠤ ᠨᠥᠬᠦᠴᠡᠯ ᠢ ᠲᠣᠭᠲᠠᠭᠠᠭᠰᠠᠨ ᠪᠣᠯ ᠨᠡᠶᠢᠲᠡᠯᠡᠵᠦ ᠪᠣᠯᠤᠨ᠎ᠠ᠃     ᠳᠥᠷᠪᠡ ᠳᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠣᠭᠲᠠᠴᠠ ᠶᠢ ᠲᠣᠳᠣᠷᠬᠠᠶᠢᠯᠠᠨ᠎ᠠ᠃ ᠰᠠᠯᠠᠭ᠎ᠠ ᠮᠥᠴᠢᠷ ᠠᠴᠠ ᠨᠡᠶᠢᠲᠡᠯᠡᠬᠦ ᠪᠠᠷ ᠪᠠᠶᠢᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠪᠢᠴᠢᠬᠦ ᠨᠢᠭᠡᠴᠡ ᠠᠴᠠ ᠲᠤᠭᠤᠷᠪᠢᠨ ᠪᠢᠴᠢᠬᠦ ᠱᠠᠲᠤᠨ ᠳᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠣᠯᠠᠨ ᠰᠠᠯᠠᠭ᠎ᠠ ᠮᠥᠴᠢᠷ ᠬᠠᠮᠲᠤᠷᠠᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ ᠲᠤᠭᠤᠷᠪᠢᠬᠤ ᠨᠢᠭᠡᠴᠡ ᠠᠴᠠ ᠲᠤᠭᠤᠷᠪᠢᠨ ᠪᠢᠴᠢᠬᠦ ᠱᠠᠲᠤᠨ ᠳᠤ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠬᠦ ᠪᠠᠷ ᠪᠠᠶᠢᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠬᠦ ᠪᠤᠶᠤ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠭᠤᠷᠪᠢᠨ ᠪᠢᠴᠢᠬᠦ ᠨᠢᠭᠡᠴᠡ ᠲᠠᠢ ᠬᠠᠮᠲᠤᠷᠠᠨ ᠲᠤᠭᠤᠷᠪᠢᠨ ᠪᠢᠴᠢᠬᠦ ᠱᠠᠲᠤᠨ ᠳᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠬᠦ ᠳᠤ᠂ ᠬᠤᠯᠪᠣᠭᠳᠠᠯ ᠪᠦᠬᠦᠢ ᠠᠰᠢᠭ ᠬᠤᠣᠷ ᠤᠨ ᠬᠠᠷᠢᠴᠠᠭ᠎ᠠ ᠲᠠᠢ ᠬᠥᠮᠦᠰ ᠤᠨ ᠰᠠᠨᠠᠯ ᠢ ᠰᠣᠨᠣᠰᠬᠤ ᠬᠡᠷᠡᠭᠲᠡᠢ︔ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ ᠪᠠᠶᠢᠪᠠᠯ᠂ ᠨᠡᠶᠢᠭᠡᠮ ᠨᠡᠶᠢᠲᠡ ᠶᠢᠨ ᠰᠠᠨᠠᠯ ᠢ ᠰᠣᠨᠣᠰᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠭᠤᠣᠯᠴᠢ ᠪᠠᠷ ᠥᠷᠢᠰᠥᠯᠳᠦᠬᠦ ᠬᠢᠨᠠᠨ ᠪᠠᠶᠢᠴᠠᠭᠠᠯᠲᠠ ᠶᠢ ᠳᠠᠮᠵᠢᠭᠰᠠᠨ ᠦᠭᠡᠢ ᠪᠤᠶᠤ ᠲᠤᠰ ᠳᠦᠷᠢᠮ ᠤᠨ ᠲᠣᠭᠲᠠᠭᠠᠯ ᠳᠤ ᠨᠡᠶᠢᠴᠡᠬᠦ ᠦᠭᠡᠢ ᠪᠣᠯ ᠨᠡᠶᠢᠲᠡᠯᠡᠵᠦ ᠪᠣᠯᠬᠤ ᠦᠭᠡᠢ᠃    ᠲᠠᠪᠤ ᠳᠤ᠂ ᠬᠢᠨᠠᠯᠲᠠ ᠲᠠᠯᠪᠢᠵᠤ ᠪᠠᠲᠤᠯᠠᠬᠤ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠰᠤᠭᠤᠴᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠲᠤᠭᠤᠷᠪᠢᠨ ᠪᠢᠴᠢᠬᠦ ᠨᠢᠭᠡᠴᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠪᠣᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠯᠲᠠ ᠬᠢᠨ᠎ᠡ᠃  ᠨᠠᠶᠢᠷᠠᠭᠤᠯᠤᠨ ᠪᠢᠴᠢᠬᠦ ᠨᠢᠭᠡᠴᠡ ᠨᠢ ᠲᠤᠰ ᠳᠦᠷᠢᠮ ᠤᠨ ᠲᠣᠭᠲᠠᠭᠠᠯ ᠶᠣᠰᠣᠭᠠᠷ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠭᠰᠠᠨ ᠦᠭᠡᠢ᠂ ᠰᠢᠪᠠᠳᠠᠵᠤ ᠪᠠᠶᠢᠭᠠᠳ ᠮᠥᠨ ᠴᠡᠭᠴᠡᠯᠡᠨ ᠥᠭᠡᠷᠡᠴᠢᠯᠡᠭᠰᠡᠨ ᠦᠭᠡᠢ ᠪᠠᠶᠢᠪᠠᠯ᠂ ᠲᠡᠭᠦᠨ ᠤ ᠬᠠᠷᠢᠭᠤᠴᠠᠯᠭᠠᠲᠠᠨ ᠢ ᠪᠣᠯᠵᠣᠨ ᠶᠠᠷᠢᠯᠴᠠᠵᠤ ᠪᠣᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号