ᠳᠤᠯᠠᠭᠠᠯᠠᠬᠤ ᠢᠨᠵᠧᠨᠧᠷᠢᠩ ᠤᠨ ᠠᠬᠢᠴᠠ ᠶᠢ ᠳᠦᠷᠭᠡᠳᠭᠡᠵᠤ ᠠᠷᠠᠳ ᠣᠯᠠᠨ ᠳᠤ ᠠᠰᠢᠭ ᠬᠦᠷᠳᠡᠭᠡᠨ᠎ᠡ
ᠨᠡᠶᠢᠲᠡᠯᠡᠭᠰᠡᠨ ᠴᠠᠭ᠄
2024/6/17
   ᠳᠤᠯᠠᠭᠠᠯᠠᠭ᠎ᠠ ᠬᠠᠩᠭᠠᠬᠤ ᠪᠣᠯ ᠲᠦᠭ ᠲᠦᠮᠡᠨ ᠠᠶᠢᠯ ᠡᠷᠦᠬᠡ ᠠᠮᠤᠷ ᠲᠠᠶᠢᠪᠤᠩ ᠠᠵᠤ ᠲᠦᠷᠦᠭᠦ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠰᠠᠭᠤᠭᠠᠯᠢ ᠠᠷᠠᠳ ᠤᠨ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠥᠯᠥᠭᠡ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠡᠪᠦᠯ ᠤᠨ ᠡᠪᠡᠳᠴᠢᠨ ᠢ ᠵᠤᠨ ᠵᠠᠰᠠᠬᠤ︾ ᠶᠢ ᠪᠠᠷᠢᠮᠲᠠᠯᠠᠵᠤ ᠂ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠥᠨᠳᠥᠷ ᠪᠦᠲᠦᠮᠵᠢᠲᠡᠢ ᠠᠬᠢᠭᠤᠯᠵᠤ᠂ ᠣᠳᠣᠬᠠᠨ ᠳᠤ ᠳᠤᠯᠠᠭᠠᠨ ᠢᠨᠵᠧᠨᠧᠷᠢᠩ ᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃    ᠵᠢᠩ ᠺᠧ ᠴᠠᠬᠢᠯᠭᠠᠨ ᠦᠢᠯᠡᠳᠪᠦᠷᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠪᠤᠳᠤᠭᠠᠷ ᠪᠠᠷᠢᠮᠵᠢᠶ᠎ᠠ ᠶᠢᠨ ᠬᠡᠰᠡᠭ ᠲᠤ᠂ ᠢᠯᠴᠢ ᠰᠣᠯᠢᠬᠤ ᠠᠩᠬᠠᠨ ᠤ ᠥᠷᠲᠡᠭᠡ ᠶᠢᠨ ᠭᠤᠣᠯ ᠴᠣᠭᠴᠠ ᠶᠢ ᠨᠢᠭᠡᠨᠲᠡ ᠦᠨᠳᠦᠰᠦᠨ ᠳᠡᠭᠡᠨ ᠪᠠᠶᠢᠭᠤᠯᠵᠤ᠂ ᠠᠵᠢᠯᠴᠢᠳ ᠶᠠᠭ ᠮᠣᠳᠣᠨ ᠬᠠᠪᠲᠠᠰᠤ ᠵᠥᠭᠡᠭᠡᠪᠦᠷᠢᠯᠡᠵᠦ᠂ ᠲᠤᠬᠠᠢ ᠶᠢᠨ ᠲᠠᠯᠠᠪᠤᠷ ᠢ ᠴᠡᠪᠡᠷᠯᠡᠵᠦ᠂ ᠬᠤᠶᠠᠳᠤᠭᠠᠷ ᠤᠳᠠᠭᠠᠨ ᠤ ᠪᠦᠲᠦᠴᠡ ᠶᠢᠨ ᠲᠥᠬᠦᠭᠡᠷᠦᠮᠵᠢ ᠶᠢᠨ ᠰᠠᠭᠤᠷᠢ ᠶᠢ ᠪᠡᠯᠡᠳᠬᠡᠵᠦ ᠪᠠᠶᠢᠬᠤ ᠶᠢ ᠰᠤᠷᠪᠤᠯᠵᠢᠯᠠᠭᠴᠢ ᠣᠯᠵᠤ ᠬᠠᠷᠠᠪᠠ᠃ ᠨᠥᠭᠦᠭᠡ ᠲᠠᠯ᠎ᠠ ᠪᠠᠷ᠂ ᠨᠢᠭᠡᠨᠲᠡ ᠠᠭᠠᠷ ᠳᠡᠪᠢᠰᠦᠭᠰᠡᠨ ᠬᠤᠭᠤᠯᠠᠢ ᠶᠢᠨ ᠮᠤᠷᠤᠢ ᠰᠠᠷᠤᠢ ᠶᠢ ᠤᠷᠲᠤᠳᠬᠠᠵᠤ᠂ ᠬᠤᠭᠤᠯᠠᠢ ᠶᠢᠨ ᠭᠠᠳᠠᠨ᠎ᠠ ᠳᠤᠯᠠᠭᠠᠯᠠᠬᠤ ᠢᠨᠵᠧᠨᠧᠷᠢᠩ ᠢ ᠶᠠᠭ ᠬᠡᠷᠡᠭᠵᠢᠭᠦᠯᠵᠦ ᠪᠠᠶᠢᠨ᠎ᠠ᠃    ︽ᠡᠨᠡ ᠵᠢᠯ ᠠᠴᠠ ᠨᠠᠰᠢ᠂ ᠮᠠᠨ ᠤ ᠺᠣᠮᠫᠠᠨᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠯᠤᠭ᠎ᠠ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠳᠤᠯᠠᠭᠠᠯᠠᠭ᠎ᠠ ᠶᠢᠨ ᠢᠨᠵᠧᠨᠧᠷᠢᠩ ᠢ ᠯᠠᠪᠳᠠᠭᠤᠨ ᠢᠶᠠᠷ ᠬᠡᠷᠡᠭᠵᠢᠭᠦᠯᠬᠦ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ ᠂ ᠣᠳᠣᠬᠠᠨ ᠳᠤ᠂ ᠵᠢᠩ ᠺᠧ ᠴᠠᠬᠢᠯᠭᠠᠨ ᠤ ᠦᠢᠯᠡᠳᠪᠦᠷᠢ ᠶᠢᠨ ᠢᠯᠴᠢ ᠰᠣᠯᠢᠬᠤ ᠠᠩᠬᠠᠨ ᠤ ᠥᠷᠲᠡᠭᠡ᠂ ᠠᠭᠠᠷ ᠤᠨ ᠬᠤᠭᠤᠯᠠᠢ ᠶᠢᠨ ᠲᠣᠣᠷ ᠤᠨ ᠭᠠᠳᠠᠨᠠᠬᠢ ᠳᠤᠯᠠᠭᠠᠨ ᠢ ᠬᠠᠮᠠᠭᠠᠯᠠᠬᠤ ᠵᠢᠴᠢ ᠬᠤᠶᠠᠳᠠᠬᠢ ᠤᠳᠠᠭᠠᠨ ᠤ ᠬᠤᠭᠤᠯᠠᠢ ᠶᠢᠨ ᠲᠣᠣᠷ ᠤᠨ ᠨᠥᠬᠦᠪᠥᠷᠢ ᠮᠠᠰᠢᠨ ᠤ ᠭᠤᠣᠯ ᠨᠡᠭᠡᠯᠡᠬᠡᠢ ᠰᠣᠯᠢᠬᠤ ᠢᠨᠵᠧᠨᠧᠷᠢᠩ ᠢ ᠶᠠᠭ ᠪᠠᠶᠢᠭᠤᠯᠵᠤ ᠪᠠᠶᠢᠨ᠎ᠠ᠂ ᠵᠢᠱᠢᠯᠲᠡ ᠪᠠᠷ 9 ᠰᠠᠷ᠎ᠠ ᠳᠤ ᠪᠦᠬᠦᠨ ᠢ ᠪᠠᠶᠢᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠬᠤ ᠪᠣᠯᠤᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠥᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠳᠡᠳ᠋ ᠳᠠᠭᠠᠭᠠᠮᠠᠯ ᠦ᠋ ᠪᠦᠦ ᠯᠦᠩ ᠬᠡᠯᠡᠪᠡ᠃    ᠣᠶᠢᠯᠠᠭᠠᠭᠰᠠᠨ ᠢᠶᠠᠷ᠂ ᠢᠯᠴᠢ ᠬᠠᠩᠭᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 2023 ᠣᠨ ᠤ 9 ᠰᠠᠷ᠎ᠠ ᠳᠤ ᠡᠬᠢᠯᠡᠨ ᠪᠠᠶᠢᠭᠤᠯᠵᠤ᠂ ᠢᠯᠴᠢ ᠰᠣᠯᠢᠯᠴᠠᠬᠤ ᠠᠩᠬᠠᠨ ᠤ ᠥᠷᠲᠡᠭᠡ 1 ᠵᠢᠴᠢ ᠢᠯᠴᠢ ᠰᠣᠯᠢᠯᠴᠠᠬᠤ ᠥᠷᠲᠡᠭᠡ 2 ᠶᠢ ᠰᠢᠨ᠎ᠡ ᠪᠠᠷ ᠪᠠᠶᠢᠭᠤᠯᠵᠤ᠂ ᠢᠯᠴᠢ ᠬᠠᠩᠭᠠᠬᠤ ᠬᠤᠭᠤᠯᠠᠢ ᠶᠢᠨ ᠱᠤᠭᠤᠮ ᠢ 18.4 ᠺᠢᠯᠣᠮᠧᠳ᠋ᠷ ᠳᠡᠪᠢᠰᠴᠦ᠂ ᠶᠡᠷᠦᠩᠬᠡᠢ ᠪᠡᠯᠡ ᠣᠷᠣᠭᠤᠯᠤᠯᠲᠠ ᠨᠢ 2.58 ᠳ᠋ᠦᠩᠰᠢᠭᠤᠷ ᠲᠥᠭᠦᠷᠢᠭ ᠪᠣᠯᠤᠨ᠎ᠠ᠃ ᠣᠳᠣᠬᠠᠨ ᠪᠣᠯᠲᠠᠯ᠎ᠠ᠂ ᠨᠢᠭᠡᠨᠲᠡ 17 ᠺᠢᠯᠣᠮᠧᠲᠷ ᠢᠯᠴᠢ ᠬᠠᠩᠭᠠᠬᠤ ᠬᠤᠭᠤᠯᠠᠢ ᠶᠢ ᠳᠡᠪᠢᠰᠴᠦ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠤᠤᠯ ᠤᠨ 350 ᠲᠦᠮᠡᠨ ᠲᠡᠭᠰᠢ ᠳᠥᠷᠪᠡᠯᠵᠢᠨ ᠮᠧᠲᠷ ᠤᠨ ᠰᠠᠭᠤᠷᠢᠨ ᠳᠡᠭᠡᠷ᠎ᠡ 350 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠨᠡᠮᠡᠭᠳᠡᠭᠦᠯᠵᠦ᠂ ᠪᠦᠬᠦ ᠬᠤᠰᠢᠭᠤᠨ ᠤ ᠢᠯᠴᠢ ᠬᠠᠩᠭᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠣᠯᠠᠨ ᠲᠦᠮᠡᠨ ᠳᠤ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠪᠣᠯᠤᠨ᠎ᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠳ᠋ᠠᠢ ᠴᠢᠦᠸᠡᠨ ᠱᠧᠩ᠄ ︽ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 5 ᠪᠠᠷᠢᠮᠵᠢᠶᠠᠲᠤ ᠬᠡᠰᠡᠭ ᠬᠤᠪᠢᠶᠠᠨ ᠬᠡᠷᠡᠭᠵᠢᠭᠦᠯᠵᠦ᠂ ᠡᠭᠦᠨ ᠳᠤ 2 — 3 ᠪᠠᠷᠢᠮᠵᠢᠶᠠᠲᠤ ᠬᠡᠰᠡᠭ ᠤᠨ ᠠᠵᠢᠯ ᠢ ᠨᠢᠭᠡᠨᠲᠡ ᠳᠠᠭᠤᠰᠬᠠᠵᠤ᠂ ᠪᠤᠰᠤᠳ ᠪᠠᠷᠢᠮᠵᠢᠶᠠᠲᠤ ᠬᠡᠰᠡᠭ ᠢ ᠵᠢᠱᠢᠯᠲᠡ ᠪᠠᠷ ᠣᠶᠢᠷ᠎ᠠ ᠶᠢᠨ ᠬᠤᠭᠤᠴᠠᠭᠠᠨ ᠳᠤ ᠪᠠᠰᠠ ᠳᠠᠭᠤᠰᠬᠠᠵᠤ ᠪᠣᠯᠤᠨ᠎ᠠ᠂ ᠡᠨᠡ ᠵᠢᠯ ᠤᠨ 9 ᠰᠠᠷ᠎ᠠ ᠳᠤ ᠪᠦᠬᠦᠨ ᠢ ᠪᠠᠶᠢᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠵᠤ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠢᠨᠵᠧᠨᠧᠷᠢᠩ ᠤᠨ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠯᠠᠪᠳᠠᠭᠤᠨ ᠪᠠᠲᠤᠲᠠᠢ ᠪᠠᠷ ᠠᠷᠠᠳ ᠣᠯᠠᠨ ᠤ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠪᠣᠯᠭᠠᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠨ᠎ᠠ︾ ᠭᠡᠵᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号