ᠣᠯᠠᠨ ᠲᠦᠮᠡᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ | ᠣᠯᠠᠨ ᠲᠦᠮᠡᠨ ᠢ ᠨᠡᠩ ᠰᠠᠶᠢᠨ ᠢᠶᠠᠷ ᠬᠠᠤᠯᠢ ᠪᠤᠰᠤ ᠪᠠᠷ ᠪᠡᠯᠡ ᠴᠤᠭᠯᠠᠭᠤᠯᠵᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠠᠴᠠ ᠵᠠᠶᠢᠯᠠᠭᠤᠯᠵᠤ᠂ ᠣᠯᠠᠨ ᠲᠦᠮᠡᠨ ᠢ ᠤᠯᠠᠮ ᠨᠢᠭᠡ ᠠᠯᠬᠤᠮ ᠣᠶᠤᠨᠴᠢ ᠪᠠᠷ ᠪᠡᠯᠡ ᠣᠷᠣᠭᠤᠯᠵᠤ᠂ | ᠪᠦᠬᠦ ᠨᠡᠶᠢᠭᠡᠮ ᠢᠶᠠᠷ ᠢᠶᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠴᠣᠬᠢᠯᠲᠠ ᠥᠭᠬᠦ ᠭᠦᠨ | ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ 6 ᠰᠠᠷ᠎ᠠ ᠶᠢᠨ 15 ᠤ ᠡᠳᠦᠷ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ ︽ᠵᠣᠭᠤᠰᠣᠨ ᠤᠭᠤᠲᠠ ᠶᠢ ᠰᠠᠬᠢᠵᠤ ᠵᠣᠯ ᠵᠢᠷᠭᠠᠯᠲᠤ ᠭᠡᠷ ᠤᠷᠤᠨ ᠢᠶᠠᠨ | ᠰᠠᠶᠢᠲᠤᠷ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠲᠤ | ᠬᠠᠤᠯᠢ ᠪᠤᠰᠤ ᠪᠠᠷ ᠪᠡᠯᠡ ᠴᠤᠭᠯᠠᠭᠤᠯᠬᠤ ᠬᠠᠮᠢᠶ᠎ᠠ ᠪᠦᠬᠦᠢ ᠤᠬᠠᠭᠤᠯᠭ᠎ᠠ ᠶᠢᠨ ᠭᠠᠷ ᠳᠡᠪᠲᠡᠷ ᠢ ᠢᠳᠡᠪᠬᠢᠲᠡᠢ ᠪᠠᠷ | ᠲᠠᠷᠬᠠᠭᠠᠬᠤ ᠶᠢᠨ ᠬᠠᠮᠲᠤ ᠨᠢᠭᠤᠷᠲᠠᠨ ᠤᠬᠠᠭᠤᠯᠤᠨ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ | ᠪᠤᠰᠤ ᠪᠠᠷ ᠪᠡᠯᠡ ᠴᠤᠭᠯᠠᠭᠤᠯᠬᠤ ᠳᠥᠷᠪᠡᠨ ᠶᠡᠭᠡ ᠣᠨᠴᠠᠯᠢᠭ ᠪᠠ ᠪᠣᠳᠠᠲᠠᠢ ᠠᠷᠭ᠎ᠠ ᠪᠠᠷᠢᠯ ᠢ ᠨᠠᠷᠢᠨ ᠲᠠᠨᠢᠯᠴᠠᠭᠤᠯᠪᠠ᠃ | ᠨᠠᠰᠤᠲᠠᠶᠢᠴᠤᠳ ᠤᠨ ᠬᠠᠮᠲᠤᠯᠢᠭ ᠲᠤ ᠴᠢᠭᠯᠡᠭᠦᠯᠦᠨ᠂ ᠠᠵᠢᠯᠯᠠᠭ᠎ᠠ ᠳᠤ ᠨᠠᠰᠤᠵᠢᠯ ᠤᠨ ᠠᠰᠠᠷᠠᠮᠵᠢ᠂ ᠬᠡᠶᠢᠰᠪᠦᠷᠢ | ᠵᠣᠭᠤᠰ᠂ ᠴᠠᠬᠢᠯᠭᠠᠨ ᠬᠤᠯᠪᠣᠭᠠᠨ ᠤ ᠮᠡᠬᠡᠯᠡᠯ ᠵᠡᠷᠭᠡ ᠳᠤ ᠪᠡᠯᠡ ᠣᠷᠣᠭᠤᠯᠤᠨ ᠦᠷᠭᠦᠯᠵᠢ ᠲᠣᠬᠢᠶᠠᠯᠳᠤᠳᠠᠭ ᠠᠷᠭ᠎ᠠ | ᠬᠡᠮᠵᠢᠶ᠎ᠡ ᠶᠢ ᠣᠨᠴᠠᠭᠠᠶᠢᠯᠠᠨ ᠴᠢᠬᠤᠯᠠᠴᠢᠯᠠᠵᠤ᠂ ᠨᠠᠰᠤᠲᠠᠶᠢᠴᠤᠳ ᠤᠨ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠶᠢ | ᠰᠠᠨᠠᠭᠤᠯᠵᠤ᠂ ᠠᠮᠠᠷᠬᠠᠨ ᠢᠲᠡᠭᠡᠬᠦ ᠦᠭᠡᠢ᠂ ᠭᠠᠳᠠᠭᠰᠢ ᠭᠠᠷᠭᠠᠬᠤ ᠦᠭᠡᠢ᠂ ᠳᠠᠩᠰᠠ ᠰᠢᠯᠵᠢᠭᠦᠯᠬᠦ ᠦᠭᠡᠢ | ᠪᠠᠶᠢᠬᠤ ᠶᠢ ᠪᠡᠶᠡᠯᠡᠭᠦᠯᠪᠡ᠃ | ︽ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ᠪᠢ ᠥᠨᠳᠥᠷ ᠠᠰᠢᠭ ᠲᠠᠢ ᠪᠠᠷ ᠥᠨᠳᠥᠷ ᠬᠦᠦ ᠳᠤ | ᠣᠶᠤᠨᠴᠢ ᠪᠠᠷ ᠬᠠᠨᠳᠤᠬᠤ ᠶᠢ ᠰᠤᠷᠴᠤ᠂ ᠰᠡᠷᠭᠡᠶᠢᠯᠡᠬᠦ ᠤᠬᠠᠮᠰᠠᠷ ᠪᠠ ᠮᠡᠬᠡᠯᠡᠯ ᠢ ᠢᠯᠭᠠᠨ ᠲᠠᠨᠢᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠪᠠ ᠬᠠᠤᠯᠢ ᠪᠤᠰᠤ ᠪᠠᠷ ᠪᠡᠯᠡ ᠴᠤᠭᠯᠠᠭᠤᠯᠬᠤ | ᠠᠵᠢᠯᠯᠠᠭ᠎ᠠ ᠶᠢ ᠬᠡᠷᠬᠢᠨ ᠢᠯᠭᠠᠨ ᠲᠠᠨᠢᠬᠤ ᠲᠤᠬᠠᠢ ᠪᠠᠰᠠ ᠵᠣᠬᠢᠬᠤ ᠲᠤᠷᠰᠢᠯᠭ᠎ᠠ ᠬᠤᠷᠠᠮᠳᠤᠭᠤᠯᠵᠤ᠂ ᠡᠨᠡ ᠬᠦ | ᠠᠵᠢᠯᠯᠠᠭ᠎ᠠ ᠨᠢ ᠨᠠᠳᠠ ᠳᠤ ᠶᠡᠭᠡ ᠠᠰᠢᠭ ᠬᠦᠷᠲᠡᠭᠰᠡᠨ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠦᠰᠢᠶᠡᠲᠦ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠯᠢᠦ ᠸᠧᠨ ᠶᠢᠩ ᠬᠡᠯᠡᠪᠡ᠃ | ᠳᠠᠷᠠᠭ᠎ᠠ ᠨᠢ᠂ ᠥᠪᠥᠷ ᠮᠣᠩᠭᠤᠯ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ | ᠪᠠᠩᠬᠢ ᠳᠤ ᠬᠦᠷᠴᠦ᠂ ᠠᠵᠢᠯᠲᠠᠳ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠰᠠᠭᠤᠭᠠᠯᠢ ᠠᠷᠠᠳ ᠲᠤ ᠬᠠᠤᠯᠢ | ᠪᠤᠰᠤ ᠪᠠᠷ ᠪᠡᠯᠡ ᠴᠤᠭᠯᠠᠭᠤᠯᠬᠤ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠴᠦ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠪᠠᠶᠢᠩᠭᠤ ᠶᠢᠨ ᠠᠷᠭ᠎ᠠ ᠪᠠᠷᠢᠯ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠳᠦᠷᠰᠦᠯᠡᠨ ᠶᠠᠷᠢᠵᠤ᠂ | ᠲᠡᠳᠡᠨ ᠢ ᠤᠬᠠᠮᠰᠠᠷ ᠠᠴᠠ ᠪᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠠᠴᠠ ᠵᠠᠶᠢᠯᠠᠭᠤᠯᠵᠤ᠂ ᠬᠠᠤᠯᠢ ᠶᠣᠰᠣᠨ ᠤ | ᠡᠷᠬᠡ ᠠᠰᠢᠭ ᠢ ᠪᠠᠲᠤᠯᠠᠪᠠ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 400 ᠭᠠᠷᠤᠢ ᠬᠤᠪᠢ ᠤᠬᠠᠭᠤᠯᠭ᠎ᠠ ᠶᠢᠨ | ᠮᠠᠲ᠋ᠧᠷᠢᠶᠠᠯ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 50 ᠭᠠᠷᠤᠢ ᠬᠤᠪᠢ ᠤᠬᠠᠭᠤᠯᠭ᠎ᠠ ᠶᠢᠨ ᠵᠠᠷᠯᠠᠯ | ᠨᠠᠭᠠᠵᠤ᠂ ᠰᠠᠭᠤᠭᠠᠯᠢ ᠠᠷᠠᠳ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠦᠵᠡᠯ ᠤᠬᠠᠮᠰᠠᠷ ᠪᠠ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠪᠦᠬᠦ ᠠᠷᠠᠳ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠡᠷᠭᠡᠶᠢᠯᠡᠬᠦ᠂ ᠰᠠᠨᠠᠭᠠᠴᠢᠯᠠᠭ᠎ᠠ ᠠᠴᠠ ᠪᠠᠨ ᠦᠯᠦ ᠡᠰᠡᠷᠭᠦᠴᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ | ᠪᠣᠢ ᠪᠣᠯᠭᠠᠵᠤ᠂ ᠡᠶ᠎ᠡ ᠵᠣᠬᠢᠴᠠᠯ ᠲᠠᠢ ᠲᠣᠭᠲᠠᠭᠤᠨ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ | ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ | ︽ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠣᠯᠠᠨ ᠰᠠᠯᠠᠭ᠎ᠠ ᠮᠥᠴᠢᠷ ᠲᠠᠢ ᠬᠠᠮᠲᠤᠷᠠᠨ 2024 ᠣᠨ ᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ ᠲᠥᠪᠯᠡᠷᠡᠩᠭᠦᠢ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢ ᠰᠠᠶᠢᠲᠤᠷ ᠠᠰᠢᠭᠯᠠᠵᠤ | ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠪᠠᠶᠢᠩᠭᠤᠵᠢᠭᠤᠯᠤᠨ | ᠥᠷᠨᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠥᠷᠭᠡᠨ ᠣᠯᠠᠨ ᠲᠦᠮᠡᠨ ᠤ ᠬᠠᠤᠯᠢ ᠪᠤᠰᠤ ᠪᠠᠷ | ᠪᠡᠯᠡ ᠴᠤᠭᠯᠠᠭᠤᠯᠬᠤ ᠶᠢ ᠢᠯᠭᠠᠨ ᠲᠠᠨᠢᠬᠤ ᠴᠢᠳᠠᠪᠤᠷᠢ ᠪᠠ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠤᠬᠠᠮᠰᠠᠷ ᠠᠴᠠ ᠪᠠᠨ ᠬᠤᠷᠢᠭᠯᠠᠵᠤ᠂ ᠲᠡᠭᠦᠨ ᠠᠴᠠ ᠵᠠᠶᠢᠳᠠᠭᠤᠯᠵᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ︾ ᠪᠣᠯᠭᠠᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ | ᠤᠬᠠᠭᠤᠯᠤᠭᠴᠢ ᠯᠢᠦ ᠯᠢ ᠫᠢᠩ ᠬᠡᠯᠡᠪᠡ᠃ | |