ᠨᠠᠭᠠᠳᠤᠮ ᠳᠤ ᠴᠤᠭᠯᠠᠵᠤ ᠲᠠᠯ᠎ᠠ ᠨᠤᠲᠤᠭ ᠤᠨ ᠬᠠᠶᠢᠷ᠎ᠠ ᠰᠡᠳᠬᠢᠯᠭᠡ ᠶᠢ ᠡᠳ᠋ᠯᠡᠨ᠎ᠡ
ᠨᠡᠶᠢᠲᠡᠯᠡᠭᠰᠡᠨ ᠴᠠᠭ᠄
2024/6/18
    6 ᠰᠠᠷ᠎ᠠ ᠶᠢᠨ 17 ᠤ ᠡᠳᠦᠷ᠂ ᠳᠠᠶᠢᠴᠢᠨᠲᠠᠯ᠎ᠠ ᠰᠤᠮᠤ ᠶᠢᠨ ᠨᠠᠭᠠᠳᠤᠮ ᠤᠨ ᠶᠡᠭᠡ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠲᠡᠭᠦᠰ ᠠᠮᠵᠢᠯᠲᠠ ᠲᠠᠢ ᠥᠨᠳᠥᠷᠯᠡᠵᠦ᠂ ᠬᠤᠶᠠᠷ ᠡᠳᠦᠷ ᠤᠨ ᠬᠤᠭᠤᠴᠠᠭ᠎ᠠ ᠲᠠᠢ ᠨᠠᠭᠠᠳᠤᠮ ᠤᠨ ᠬᠤᠷᠠᠯ ᠳᠤ ᠬᠤᠷᠳᠤᠨ ᠮᠣᠷᠢ᠂ ᠪᠥᠬᠡ᠂ ᠰᠤᠷ ᠬᠠᠷᠪᠤᠬᠤ ᠵᠡᠷᠭᠡ ᠣᠯᠠᠨ ᠲᠥᠷᠥᠯ ᠵᠦᠢᠯ ᠢ ᠲᠣᠬᠢᠷᠠᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠢᠳᠡᠪᠬᠢᠲᠡᠢ ᠣᠷᠣᠯᠴᠠᠵᠤ᠂ ᠤᠷᠠᠨ ᠰᠠᠶᠢᠬᠠᠨ ᠤ ᠲᠣᠭᠯᠠᠯᠲᠠ ᠭᠤᠶᠢᠳᠠ ᠰᠠᠶᠢᠬᠠᠨ ᠪᠣᠯᠵᠣ᠂ ᠵᠤᠭᠠᠴᠠᠭᠰᠠᠳ ᠢ ᠵᠤᠨ ᠤ ᠲᠠᠯ᠎ᠠ ᠳᠤ ᠳᠠᠶᠢᠴᠢᠳ ᠤᠨ ᠲᠠᠯ᠎ᠠ ᠨᠤᠲᠤᠭ ᠤᠨ ᠷᠢᠳᠢ ᠰᠢᠳᠢ ᠶᠢ ᠪᠡᠶᠡᠴᠢᠯᠡᠨ ᠣᠶᠢᠯᠠᠭᠠᠭᠤᠯᠪᠠ᠃    ᠦᠳᠡ ᠶᠢᠨ ᠡᠮᠦᠨᠡᠬᠢ 7 ᠴᠠᠭ ᠲᠤ᠂ ᠬᠤᠷᠳᠤᠨ ᠮᠣᠷᠢᠨ ᠤ ᠤᠷᠤᠯᠳᠤᠭᠠᠨ ᠲᠤᠬᠠᠢ ᠶᠢᠨ ᠲᠠᠯᠠᠪᠠᠢ ᠶᠢᠨ ᠵᠤᠭᠠᠴᠠᠭᠰᠠᠳ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠮᠣᠷᠢᠴᠢᠳ ᠮᠣᠷᠢ ᠤᠨᠤᠵᠤ ᠡᠮᠬᠢ ᠵᠢᠷᠤᠮ ᠲᠠᠢ ᠪᠠᠷ ᠲᠠᠯᠠᠪᠠᠢ ᠳᠤ ᠣᠷᠣᠵᠤ᠂ ᠬᠢᠨᠠᠭᠴᠢ ᠶᠢᠨ ᠳᠤᠤᠭᠠᠷᠬᠤ ᠶᠢ ᠳᠠᠭᠠᠯᠳᠤᠨ᠂ ᠮᠣᠷᠢᠴᠢᠳ ᠬᠤᠶᠢᠨ᠎ᠠ ᠬᠤᠶᠢᠨ᠎ᠠ ᠠᠴᠠ ᠪᠠᠨ ᠣᠷᠭᠢᠯᠣᠨ ᠭᠠᠷᠴᠤ᠂ ᠥᠩᠭᠡ ᠢᠯᠭᠠᠷᠠᠭᠰᠠᠨ ᠵᠤᠨ ᠤ ᠡᠳᠦᠷ ᠠᠭᠲᠠ ᠳᠠᠪᠬᠢᠵᠤ᠂ ᠠᠭᠲᠠ ᠶᠢᠨ ᠳᠠᠪᠬᠢᠭᠰᠠᠨ ᠳᠤ ᠲᠠ ᠨᠠᠮᠠᠶᠢ ᠬᠥᠭᠡᠭᠡᠨ ᠭᠠᠷᠭᠠᠵᠤ᠂ ᠨᠢᠭᠡ ᠤᠳᠠᠭᠠᠨ ᠤ ᠭᠤᠶᠢᠳᠠ ᠰᠠᠶᠢᠬᠠᠨ ᠤᠷᠤᠯᠳᠤᠭᠠᠨ ᠤ ᠲᠣᠭᠯᠠᠪᠠ᠃    ︽ᠥᠨᠥᠳᠦᠷ ᠤᠨ ᠬᠤᠷᠳᠤᠨ ᠮᠣᠷᠢᠨ ᠤ ᠤᠷᠤᠯᠳᠤᠭᠠᠨ ᠳᠤ ᠪᠢ ᠨᠢᠭᠡᠳᠦᠭᠡᠷ ᠲᠤ ᠣᠷᠣᠵᠤ᠂ ᠮᠠᠰᠢ ᠰᠡᠳᠬᠢᠯ ᠳᠣᠭᠳᠣᠯᠵᠤ᠂ ᠬᠤᠶᠢᠰᠢᠳᠠ ᠪᠢ ᠪᠠᠰᠠ ᠡᠶᠢᠮᠦ ᠬᠥᠳᠡᠯᠭᠡᠭᠡᠨ ᠳᠤ ᠣᠷᠣᠯᠴᠠᠨ᠎ᠠ︾ ᠬᠡᠵᠤ ᠬᠤᠷᠳᠤᠨ ᠮᠣᠷᠢ ᠶᠢᠨ ᠤᠷᠤᠯᠳᠤᠭᠠᠨ ᠤ ᠲᠠᠮᠢᠷᠴᠢᠨ ᠶᠢᠨ ᠵᠤᠸᠠᠩ ᠬᠡᠯᠡᠪᠡ᠃    ᠤᠷᠠᠨ ᠰᠠᠶᠢᠬᠠᠨ ᠤ ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂ ᠭᠤᠴᠣᠯᠠᠯ ᠳᠠᠭᠤᠤ᠂ ᠨᠠᠶᠢᠷᠠᠯ ᠳᠠᠭᠤᠤ᠂ ᠪᠥᠵᠢᠭ᠂ ᠳᠥᠷᠪᠡᠨ ᠤᠲᠠᠰᠤᠲᠤ ᠬᠤᠭᠤᠷ ᠤᠨ ᠭᠤᠴᠣᠯᠠᠯ ᠬᠥᠭᠵᠢᠮ᠂ ᠬᠤᠯᠪᠣᠭ᠎ᠠ ᠲᠣᠭᠯᠠᠯᠲᠠ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠮᠠᠰᠢ ᠣᠯᠠᠨ ᠵᠤᠭᠠᠴᠠᠭᠰᠠᠳ ᠢ ᠲᠠᠲᠠᠵᠤ ᠰᠣᠨᠢᠷᠬᠠᠭᠤᠯᠵᠤ᠂ ᠲᠤᠬᠠᠢ ᠶᠢᠨ ᠲᠠᠯᠠᠪᠠᠢ ᠳᠤ ᠪᠠᠶᠠᠷ ᠪᠠᠭ᠋ᠠᠳᠤᠯ ᠤᠨ ᠳᠠᠭᠤᠨ ᠲᠠᠰᠤᠷᠠᠯᠲᠠ ᠦᠭᠡᠢ ᠶᠠᠪᠤᠭᠳᠠᠵᠤ᠂ ᠲᠤᠬᠠᠢ ᠶᠢᠨ ᠭᠠᠵᠠᠷ ᠤᠨ ᠣᠨᠴᠠᠯᠢᠭ ᠪᠣᠯᠤᠨ ᠲᠠᠯ᠎ᠠ ᠨᠤᠲᠤᠭ ᠤᠨ ᠵᠠᠩ ᠵᠠᠩᠰᠢᠯ ᠤᠨ ᠲᠣᠭᠯᠠᠯᠲᠠ ᠵᠤᠭᠠᠴᠠᠭᠰᠠᠳ ᠢ ᠮᠠᠭᠲᠠᠨ ᠰᠠᠶᠢᠰᠢᠶᠠᠪᠠ᠃    ᠪᠥᠬᠡ ᠶᠢᠨ ᠤᠷᠤᠯᠳᠤᠭᠠᠨ ᠨᠢ ᠦᠵᠡᠯᠲᠡ ᠶᠢᠨ ᠴᠡᠭ ᠲᠠᠢ᠂ ᠤᠷᠤᠯᠳᠤᠭᠠᠨ ᠤ ᠶᠠᠪᠤᠴᠠ ᠳᠤ᠂ ᠪᠥᠬᠡᠴᠢᠳ ᠨᠢᠳᠦ ᠭᠢᠯᠠᠰᠤᠮ᠎ᠠ ᠪᠠᠶᠢᠵᠤ᠂ ᠡᠰᠡᠷᠭᠦ ᠡᠲᠡᠭᠡᠳ ᠲᠠᠢ ᠪᠠᠨ ᠬᠦᠴᠦᠨ ᠴᠢᠳᠠᠯ ᠪᠠ ᠤᠷ᠎ᠠ ᠮᠡᠷᠭᠡᠵᠢᠯ ᠢᠶᠠᠨ ᠠᠳᠠᠯᠢᠳᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠣᠯᠠᠨ ᠠᠴᠠ ᠬᠡᠲᠦ᠋ᠢᠳᠦᠭᠰᠡᠨ ᠪᠥᠬᠡ ᠶᠢᠨ ᠤᠷ᠎ᠠ ᠮᠡᠷᠭᠡᠵᠢᠯ ᠪᠠ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠵᠦ᠂ ᠪᠥᠬᠡ ᠶᠢᠨ ᠬᠥᠳᠡᠯᠭᠡᠭᠡᠨ ᠤ ᠥᠪᠡᠷᠮᠢᠴᠡ ᠷᠢᠳᠢ ᠰᠢᠳᠢ ᠶᠢ ᠲᠦᠢᠯ ᠤᠨ ᠶᠡᠭᠡ ᠪᠠᠷ ᠪᠠᠳᠠᠷᠠᠭᠤᠯᠪᠠ᠃    ︽ᠨᠤᠲᠤᠭ ᠤᠰᠤᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠪᠢ ᠥᠴᠥᠭᠡᠳᠦᠷ ᠪᠠᠰᠠ ᠲᠤᠬᠠᠢ ᠶᠢᠨ ᠲᠠᠯᠠᠪᠤᠷ ᠲᠤ ᠦᠵᠡᠵᠦ᠂ ᠲᠠᠯᠠᠪᠤᠷ ᠤᠷᠤᠯᠳᠤᠭᠠᠨ ᠨᠢᠭᠡᠪᠦᠷᠢ ᠶᠢ ᠪᠢ ᠪᠦᠷ ᠦᠵᠡᠪᠡ᠂ ᠥᠨᠥᠳᠦᠷ ᠤᠨ ᠤᠷᠤᠯᠳᠤᠭᠠᠨ ᠠᠳᠠᠯᠢᠬᠠᠨ ᠭᠤᠶᠢᠳᠠ ᠪᠠᠶᠢᠵᠤ᠂ ᠨᠤᠲᠤᠭ ᠤᠰᠤᠨ ᠳᠠᠭᠠᠨ ᠦᠷᠭᠦᠯᠵᠢ ᠨᠠᠭᠠᠳᠤᠮ ᠬᠢᠬᠦ ᠶᠢ ᠬᠦᠰᠡᠵᠦ ᠪᠠᠶᠢᠨ᠎ᠠ︾ ᠬᠡᠵᠤ ᠪᠠᠢ ᠠᠷᠤᠬᠠᠨ ᠬᠡᠯᠡᠪᠡ᠃ᠲᠤᠰ ᠤᠳᠠᠭᠠᠨ ᠤ ᠨᠠᠭᠠᠳᠤᠮ ᠤᠨ ᠬᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠭᠡᠬᠦ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠠᠯ᠎ᠠ ᠨᠤᠲᠤᠭ ᠤᠨ ᠪᠠᠶᠢᠭᠠᠯᠢ ᠶᠢᠨ ᠦᠵᠡᠮᠵᠢ ᠶᠢ ᠳᠡᠯᠭᠡᠨ ᠦᠵᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ᠲᠤᠰ ᠤᠳᠠᠭ᠎ᠠ ᠶᠢᠨ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠣᠷᠣᠯᠴᠠᠭᠤᠯᠵᠤ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠤᠨ ᠠᠷᠠᠳ ᠤᠨ ᠵᠠᠩ ᠦᠢᠯᠡ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠡᠬᠢ ᠪᠠᠶᠠᠯᠢᠭ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠣᠶᠣᠯ ᠵᠤᠭᠠᠴᠠᠯ ᠢ ᠠᠭᠤᠰᠤᠯᠴᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠤᠭᠠᠴᠠᠯ ᠤᠨ ᠠᠭᠤᠰᠤᠯᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠬᠠᠭᠤᠳᠠᠰᠤ ᠶᠢ ᠨᠠᠷᠢᠨ ᠨᠢᠮᠪᠠᠢ ᠵᠢᠷᠤᠭᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号