ᠰᠢ ᠶᠢᠨ ᠫᠢᠩ ᠵᠠᠬᠢᠳᠠᠯ ᠢᠯᠡᠭᠡᠵᠦ ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠳᠤ ᠪᠠᠶᠠᠷ ᠬᠦᠷᠭᠡᠬᠦ ᠳᠡᠭᠡᠨ ᠴᠢᠬᠤᠯᠠᠴᠢᠯᠠᠬᠰᠠᠨ ᠨᠢ ᠨᠢᠬᠡ ᠰᠡᠳᠭᠢᠯ ᠢᠶᠠᠷ ᠳᠤᠮᠳᠠᠳᠤ ᠶᠢᠨ ᠵᠡᠭᠦᠳᠦ ᠶᠢ ᠬᠠᠮᠳᠤ ᠪᠠᠷ ᠲᠡᠷᠭᠡᠯᠰᠢᠭᠦᠯᠬᠦ ᠳᠤ ᠰᠡᠳᠭᠢᠯ ᠰᠠᠨᠠᠭ᠎ᠠ ᠬᠦᠴᠦᠨ ᠴᠢᠳᠠᠯ ᠢ ᠦᠷᠬᠡᠨ ᠢᠶᠠᠷ ᠨᠢᠬᠳᠠᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2024/6/18
   ᠸᠠᠩ ᠬᠤ᠋ ᠨᠢᠩ ᠳᠤᠷᠠᠰᠬᠠᠬᠤ ᠶᠠᠷᠢᠯᠴᠠᠬᠤ ᠬᠤᠷᠠᠯ ᠳᠤ ᠣᠷᠣᠯᠴᠠᠬᠰᠠᠨ ᠪᠦᠬᠡᠳ ᠶᠠᠷᠢᠶ᠎ᠠ ᠲᠠᠯᠪᠢᠵᠠᠢ   ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠣᠶ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠣᠶ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠥᠷᠭᠡᠨ ᠣᠯᠠᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠥᠷᠥᠯ ᠰᠠᠳᠤᠨ ᠳᠤ ᠴᠢᠩ ᠰᠡᠳᠭᠢᠯ ᠤᠨ ᠮᠡᠨᠳᠦᠴᠢᠯᠡᠯ ᠬᠦᠷᠬᠡᠪᠡ᠃   ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠬᠤᠸᠠᠩᠫᠦ᠋ ᠴᠡᠷᠢᠭ ᠤᠨ ᠰᠤᠷᠭᠠᠭᠤᠯᠢ ᠪᠣᠯ ᠭᠤᠮᠢᠨᠳᠠᠩ ᠡᠪ ᠬᠠᠮᠲᠤ ᠨᠠᠮ ᠤᠨ ᠠᠩᠬᠠᠳᠤᠭᠠᠷ ᠤᠳᠠᠭ᠎ᠠ ᠶᠢᠨ ᠬᠠᠮᠲᠤᠷᠠᠯᠴᠠᠭᠠᠨ ᠤ ᠲᠦᠷᠦᠳᠡᠰᠤ ᠮᠥᠨ᠂ ᠮᠠᠨ ᠤ ᠤᠯᠤᠰ ᠤᠨ ᠠᠩᠬᠠᠳᠠᠭᠴᠢ ᠬᠤᠪᠢᠰᠬᠠᠯᠲᠤ ᠴᠡᠷᠢᠭ ᠠᠩᠬᠢ ᠶᠢᠨ ᠺᠠᠳ᠋ᠷᠴᠤᠳ ᠢ ᠬᠥᠮᠦᠵᠢᠭᠦᠯᠦᠭᠰᠡᠨ ᠰᠤᠷᠭᠠᠭᠤᠯᠢ ᠮᠥᠨ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ ᠰᠠᠳᠤᠨ ᠲᠠᠢ ᠬᠠᠷᠢᠯᠴᠠᠬᠤ ᠤᠯᠤᠰ ᠢᠶᠠᠨ ᠬᠠᠶᠢᠷᠠᠯᠠᠬᠤ ᠤᠯᠠᠨ ᠲᠦᠮᠡᠨ ᠤ ᠪᠦᠯᠬᠦᠮ ᠪᠣᠯᠤᠨ᠎ᠠ᠂ ᠪᠠᠶᠢᠭᠤᠯᠤᠭᠳᠠᠭᠰᠠᠨ ᠠᠴᠠ ᠨᠠᠭᠠᠰᠢ ︽ᠬᠤᠸᠠᠩᠫᠦ᠋ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠠᠮᠲᠤ ᠰᠤᠷᠤᠯᠭᠠᠲᠠᠨ ᠤ ᠬᠠᠶᠢᠷ᠎ᠠ ᠰᠡᠳᠭᠢᠯᠭᠡ ᠪᠠᠨ ᠨᠢᠬᠳᠠᠷᠠᠭᠤᠯᠬᠤ᠂ ᠡᠬᠡ ᠤᠯᠤᠰ ᠤᠨ ᠨᠢᠭᠡᠳᠦᠯ ᠢ ᠠᠬᠢᠭᠤᠯᠬᠤ᠂ ᠳᠤᠮᠳᠠᠳᠤ ᠪᠠᠨ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠨ ᠴᠢᠷᠮᠠᠶᠢᠬᠤ︾ ᠵᠣᠷᠢᠯᠲᠠ ᠶᠢ ᠢᠮᠠᠭᠲᠠ ᠪᠠᠷᠢᠮᠲᠠᠯᠠᠵᠤ᠂ ᠨᠠᠮ ᠪᠣᠯᠤᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠳᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠭᠡᠬᠦ ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠤᠯ ᠢ ᠡᠰᠡᠷᠭᠦᠴᠡᠬᠦ᠂ ᠡᠬᠡ ᠤᠯᠤᠰ ᠤᠨ ᠨᠢᠭᠡᠳᠦᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠠᠢ ᠬᠡᠵᠥ ᠵᠢᠭᠠᠵᠥ ᠭᠠᠷᠭᠠᠪᠠ᠃    ᠰᠢ ᠶᠢᠨ ᠫᠢᠩ᠂ ᠰᠢᠨ᠎ᠡ ᠠᠶᠠᠨ ᠳᠤ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠢᠨ ᠡᠪᠯᠡᠯ ᠪᠠᠶᠢᠭᠤᠯᠤᠬᠰᠠᠨ ᠵᠣᠷᠢᠯᠲᠠ ᠪᠣᠯᠤᠨ ᠤᠯᠤᠰ ᠲᠦᠷᠦ ᠶᠢᠨ ᠡᠭᠦᠷᠭᠡ ᠶᠢ ᠪᠠᠲᠤ ᠴᠡᠭᠡᠵᠢᠯᠡᠵᠦ᠂ ︽ᠤᠯᠤᠰ ᠢᠶᠠᠨ ᠬᠠᠶᠢᠷᠠᠯᠠᠬᠤ᠂ ᠬᠤᠪᠢᠰᠬᠠᠯ ᠬᠢᠬᠦ︾ ᠬᠤᠸᠠᠩᠫᠦ᠋ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠵᠡᠯ ᠰᠠᠨᠠᠭᠠᠨ ᠤ ᠵᠢᠯᠤᠭᠤᠳᠤᠯᠭ᠎ᠠ ᠪᠣᠯᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠨᠠᠭᠰᠢᠳᠠ ᠴᠢᠩᠭᠠᠳᠬᠠᠵᠤ ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠥ ᠨᠢᠭᠡᠳᠦᠯ ᠢ ᠠᠬᠢᠭᠤᠯᠬᠤ ᠶᠢ ᠪᠠᠲᠤᠳᠬᠠᠵᠤ᠂ ᠨᠢᠬᠡ ᠰᠡᠳᠭᠢᠯ ᠢᠶᠠᠷ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠰᠡᠳᠭᠢᠯ ᠰᠠᠨᠠᠭ᠎ᠠ ᠬᠦᠴᠦᠨ ᠴᠢᠳᠠᠯ ᠢ ᠥᠷᠭᠡᠨ ᠢᠶᠠᠷ ᠨᠢᠬᠳᠠᠷᠠᠭᠤᠯᠬᠤ ᠬᠡᠷᠡᠭᠲᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠥᠷᠭᠡᠨ ᠣᠯᠠᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠥᠷᠥᠯ ᠰᠠᠳᠤᠨ ᠤ ᠬᠢᠨ ᠠᠬᠠᠮᠠᠳ ᠦᠶ᠎ᠡ ᠶᠢᠨ ᠬᠦᠰᠡᠯ ᠵᠣᠷᠢᠭ ᠢᠶᠠᠨ ᠮᠠᠷᠲᠠᠯ ᠥᠬᠡᠶ ᠪᠠᠷ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠤᠯᠤᠰ ᠢᠶᠠᠨ ᠬᠦᠴᠦᠷᠬᠡᠭᠵᠢᠬᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠳᠤ ᠰᠤᠷᠤᠯᠭᠠᠳᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ 17 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ ᠨᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ    ᠸᠠᠩ ᠬᠤ᠋ ᠨᠢᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ ᠰᠠᠲᠤᠨ ᠢ ᠢᠮᠠᠭᠲᠠ ᠰᠡᠳᠭᠢᠯ ᠳᠡᠭᠡᠨ ᠪᠤᠳᠤᠵᠤ᠂ ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠳᠤ ᠲᠤᠰᠬᠠᠶᠢᠯᠠᠨ ᠪᠠᠶᠠᠷ ᠤᠨ ᠵᠠᠬᠢᠳᠠᠯ ᠢᠯᠡᠭᠡᠵᠦ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠲᠡᠦᠬᠡᠲᠦ ᠭᠠᠪᠢᠶ᠎ᠠ ᠵᠢᠳᠬᠦᠯ ᠪᠣᠯᠤᠨ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠰᠢᠨᠵᠢ ᠴᠢᠨᠠᠷ ᠵᠣᠷᠢᠯᠲᠠ ᠪᠣᠯᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ ᠰᠠᠳᠤᠨ ᠳᠤ ᠴᠢᠩ ᠰᠡᠳᠭᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠢᠨ᠎ᠡ ᠴᠠᠭ ᠦᠶ᠎ᠡ ᠶᠢᠨ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠬᠡᠵᠥ ᠢᠯᠡᠳᠬᠡᠪᠡ᠃   ᠸᠠᠩ ᠬᠤ᠋ ᠨᠢᠩ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠭᠦᠨ ᠤ ᠲᠦᠷᠦᠯ ᠰᠠᠳᠤᠨ ᠪᠣᠯ ᠤᠯᠤᠰ ᠢᠶᠠᠨ ᠬᠠᠶᠢᠷᠠᠯᠠᠬᠤ ᠬᠤᠪᠢᠰᠬᠠᠯ ᠤᠨ ᠢᠷᠠᠭᠤ ᠠᠯᠳᠠᠷᠲᠤ ᠲᠡᠦᠬᠡ ᠪᠠ ᠰᠢᠯᠢᠳᠡᠭ ᠤᠯᠠᠮᠵᠢᠯᠠᠯ ᠲᠠᠢ ᠶᠤᠮ᠂ ᠡᠬᠡ ᠤᠯᠤᠰ ᠤᠨ ᠨᠢᠭᠡᠳᠦᠯ ᠪᠠ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠶᠢ ᠠᠬᠢᠭᠤᠯᠬᠤ ᠴᠢᠬᠤᠯᠠ ᠬᠦᠴᠦᠨ ᠮᠥᠨ᠃ ︽ᠤᠯᠤᠰ ᠢᠶᠠᠨ ᠬᠠᠶᠢᠷᠠᠯᠠᠬᠤ᠂ ᠬᠤᠪᠢᠰᠬᠠᠯ ᠬᠢᠬᠦ︾ ᠬᠤᠸᠠᠩᠫᠦ᠋ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠬᠠᠮᠲᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠡᠭᠤᠤ ᠦᠢᠯᠡᠰ ᠢ ᠬᠠᠮᠲᠤ ᠪᠠᠷ ᠴᠣᠭᠴᠠᠯᠠᠬᠤ ᠬᠡᠷᠡᠭᠲᠡᠢ᠃ ᠡᠬᠡ ᠤᠯᠤᠰ ᠤᠨ ᠨᠢᠭᠡᠳᠦᠯ ᠤᠨ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠰᠣᠯᠢᠯᠴᠠᠭ᠎ᠠ ᠪᠠᠨ ᠴᠢᠩᠭᠠᠳᠬᠠᠬᠤ ᠶᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠰᠣᠶᠣᠯ ᠢ ᠬᠠᠮᠲᠤ ᠪᠠᠷ ᠤᠯᠠᠮᠵᠢᠯᠠᠨ ᠪᠠᠳᠠᠷᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠡᠷ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠳᠤᠮᠳᠠ ᠶᠠᠪᠤᠬᠤ ᠳᠤᠳᠤᠮ ᠣᠶᠢᠷᠠᠳᠴᠤ᠂ ᠶᠠᠪᠤᠬᠤ ᠳᠤᠳᠤᠮ ᠳᠣᠲᠣᠨᠣ ᠪᠤᠯᠵᠤ᠂ ᠤᠯᠤᠰ ᠤᠨ ᠦᠨᠳᠦᠰᠦᠲᠡᠨ ᠤ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠤᠯ ᠪᠠ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠴᠢᠭᠯᠡᠯ ᠢ ᠪᠠᠲᠤ ᠡᠵᠡᠮᠳᠡᠨ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠨᠡᠩ ᠶᠡᠭᠡ ᠦᠢᠯᠡᠳᠦᠯ ᠢᠶᠠᠨ ᠴᠢᠷᠮᠠᠶᠢᠨ ᠪᠠᠳᠠᠷᠠᠭᠤᠯᠬᠤ ᠬᠡᠷᠡᠭᠲᠡᠢ ᠭᠡᠵᠦ ᠢᠯᠡᠳᠭᠡᠪᠡ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠲᠠᠢ ᠹᠧᠩ ᠶᠠᠷᠢᠯᠴᠠᠬᠤ ᠬᠤᠷᠠᠯ ᠢ ᠡᠷᠬᠢᠯᠡᠪᠡ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠤᠯᠠᠨ ᠲᠦᠮᠡᠨ ᠤ ᠪᠦᠯᠬᠦᠮ ᠢ ᠲᠥᠯᠥᠭᠡᠯᠡᠨ ᠪᠠᠶᠠᠷ ᠤᠨ ᠦᠭᠡ ᠬᠡᠯᠡᠪᠡ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠸᠠᠩ ᠳ᠋ᠦᠩ ᠹᠧᠩ ᠶᠠᠷᠢᠯᠴᠠᠬᠤ ᠬᠤᠷᠠᠯ ᠳᠤ ᠣᠷᠣᠯᠴᠠᠪᠠ᠃    ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠠᠷᠢᠭᠤᠴᠠᠯᠭᠠᠲᠠᠨ᠂ ᠲᠠᠶᠢᠸᠠᠨ ᠤ ᠬᠤᠸᠠᠩᠫᠦ᠋ ᠶᠢᠨ ᠬᠠᠮᠲᠤ ᠰᠤᠷᠤᠯᠭᠠᠲᠠᠨ ᠤ ᠲᠥᠯᠥᠭᠡᠯᠡᠭᠴᠢ ᠬᠤᠷᠠᠯ ᠳᠡᠭᠡᠷ᠎ᠡ ᠦᠭᠡ ᠬᠡᠯᠡᠪᠡ᠃    ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠪᠦᠯᠬᠦᠮ ᠤᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠶᠢᠨ ᠬᠠᠷᠢᠭᠤᠴᠠᠯᠭᠠᠲᠠᠨ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡ᠂ ᠰᠢᠶᠠᠩᠭᠠᠩ ᠣᠣᠮᠧᠨ ᠪᠣᠯᠤᠨ ᠭᠠᠳᠠᠭᠠᠳᠤ ᠳᠠᠬᠢ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠦᠷᠦᠯ ᠰᠠᠳᠤᠨ ᠤ ᠲᠥᠯᠥᠭᠡᠯᠡᠭᠴᠢ᠂ ᠮᠤᠵᠢ ᠶᠢᠨ ᠱᠠᠲᠤᠨ ᠤ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 17 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号