ᠨᠢᠭᠡ ᠡᠳᠦᠷ ᠤᠨ ᠠᠯᠢ ᠴᠠᠭ ᠬᠤᠭᠤᠴᠠᠭ᠎ᠠ ᠳᠤ ᠵᠢᠷᠦᠬᠡᠨ ᠤ ᠡᠷᠡᠭᠦᠯ ᠮᠡᠨᠳᠦ ᠪᠠᠨ ᠨᠠᠩ ᠠᠩᠬᠠᠷᠪᠠᠯ ᠵᠣᠬᠢᠬᠤ | ᠪᠤᠢ︖ ᠵᠢᠷᠦᠬᠡᠨ ᠤ ᠬᠠᠮᠤᠭ ᠤᠨ ᠬᠡᠪᠡᠷᠡᠭ 3 ᠴᠠᠭ ᠬᠤᠭᠤᠴᠠᠭ᠎ᠠ᠄ 1. ᠥᠷᠯᠥᠭᠡ ᠪᠣᠰᠬᠤ ᠦᠶ᠎ᠡ ᠬᠥᠮᠥᠨ | ᠠᠮᠠᠷᠠᠬᠤ ᠦᠶ᠎ᠡ ᠳᠤ ᠵᠢᠷᠦᠬᠡᠨ ᠤ ᠳᠠᠪᠲᠠᠮᠵᠢ ᠨᠡᠯᠢᠶᠡᠳ ᠤᠳᠠᠭᠠᠨ ᠪᠣᠯᠵᠤ᠂ ᠨᠢᠭᠡ ᠰᠥᠨᠢ ᠶᠢᠨ ᠰᠢᠨ᠎ᠡ ᠬᠠᠭᠤᠴᠢᠨ ᠤ | ᠰᠣᠯᠢᠯᠴᠠᠭ᠎ᠠ ᠶᠢᠨ ᠬᠤᠷᠣᠭᠳᠠᠯ ᠢᠶᠠᠷ ᠳᠠᠮᠵᠢᠭᠠᠳ᠂ ᠴᠢᠰᠤ ᠬᠠᠷᠢᠴᠠᠩᠭᠤᠢ ᠪᠠᠷ ᠥᠳᠬᠡᠷᠡᠵᠦ᠂ ᠴᠢᠰᠤᠨ ᠭᠦᠶᠦᠳᠡᠯ | ᠤᠳᠠᠭᠠᠰᠢᠷᠠᠵᠤ᠂ ᠠᠮᠠᠷᠬᠠᠨ ᠴᠢᠰᠤᠨ ᠰᠤᠳᠠᠯ ᠤᠨ ᠲᠦᠭᠵᠢᠷᠡᠯ ᠡᠭᠦᠰᠳᠡᠭ᠃ ᠥᠷᠯᠥᠭᠡ ᠪᠣᠰᠣᠭᠰᠠᠨ ᠤ ᠳᠠᠷᠠᠭ᠎ᠠ᠂ | ᠰᠣᠯᠪᠢᠭᠤ ᠮᠡᠳᠡᠷᠡᠯ ᠶᠡᠬᠡᠳᠡ ᠬᠥᠭᠡᠷᠴᠦ᠂ ᠵᠢᠷᠦᠬᠡᠨ ᠴᠣᠬᠢᠯᠭ᠎ᠠ ᠲᠦᠷᠭᠡᠰᠴᠦ᠂ ᠴᠢᠰᠤᠨ ᠳᠠᠷᠤᠯᠲᠠ ᠳᠡᠭᠡᠭᠰᠢᠯᠡᠵᠦ᠂ | ᠰᠡᠳᠬᠢᠯ ᠳᠣᠭᠳᠣᠯᠳᠠᠭ᠃ ᠬᠡᠷᠪᠡ ᠡᠨᠡ ᠦᠶ᠎ᠡ ᠳᠤ ᠶᠠᠭᠠᠷᠠᠵᠤ ᠬᠥᠳᠡᠯᠭᠡᠭᠡᠨ ᠬᠢᠬᠦ ᠳᠤ ᠬᠦᠷᠪᠡᠯ᠂ ᠴᠢᠰᠤᠨ ᠳᠠᠷᠤᠯᠲᠠ | ᠥᠨᠳᠥᠷ᠂ ᠴᠢᠰᠤᠨ ᠥᠭᠡᠬᠦ ᠡᠷᠡᠭᠦᠯ ᠪᠤᠰᠤ ᠬᠥᠮᠥᠰ ᠵᠡᠷᠭᠡ ᠠᠶᠤᠯ ᠶᠡᠬᠡᠲᠡᠢ ᠬᠥᠮᠥᠰ ᠵᠢᠷᠦᠬᠡ ᠴᠢᠰᠤᠨ ᠰᠤᠳᠠᠯ ᠤᠨ | ᠡᠪᠡᠳᠴᠢᠨ ᠡᠭᠦᠰᠴᠦ ᠮᠡᠳᠡᠨ᠎ᠡ᠃ ᠰᠠᠨᠠᠭᠤᠯᠤᠮᠵᠢ᠄ ᠪᠣᠰᠬᠤ ᠠᠴᠠ ᠪᠠᠨ ᠡᠮᠦᠨ᠎ᠡ ᠵᠢᠭᠠᠬᠠᠨ ᠬᠡᠪᠲᠡᠵᠦ᠂ ᠬᠡᠲᠦᠷᠬᠡᠢ | ᠲᠦᠷᠭᠡᠨ ᠬᠡᠲᠦᠷᠬᠡᠢ ᠰᠢᠷᠦᠭᠦᠨ ᠬᠥᠳᠡᠯᠭᠡᠭᠡᠨ ᠬᠢᠵᠦ ᠪᠣᠯᠬᠤ ᠦᠭᠡᠢ᠃ ᠰᠡᠷᠡᠭᠰᠡᠨ ᠤ ᠪᠠᠨ ᠳᠠᠷᠠᠭ᠎ᠠ ᠨᠢᠭᠡ ᠴᠣᠮᠣ | ᠪᠦᠯᠢᠶᠡᠨ ᠤᠰᠤ ᠤᠤᠭᠤᠵᠤ᠂ ᠥᠷᠯᠥᠭᠡᠨ ᠤ ᠬᠤᠭᠤᠯᠠᠨ ᠳᠠᠭᠠᠨ ᠲᠣᠰᠣᠯᠢᠭ ᠪᠠ ᠬᠡᠲᠦ ᠱᠣᠷᠪᠣᠭ ᠢᠳᠡᠭᠡᠨ ᠪᠠᠭ᠎ᠠ | ᠢᠳᠡ᠃ ᠴᠢᠰᠤᠨ ᠳᠠᠷᠤᠯᠲᠠ ᠥᠨᠳᠥᠷ ᠬᠥᠮᠥᠨ ᠬᠠᠮᠤᠭ ᠰᠠᠶᠢᠨ ᠨᠢ ᠥᠷᠯᠥᠭᠡ ᠪᠣᠰᠣᠭᠠᠳ ᠳᠠᠷᠤᠯᠲᠠ | ᠪᠠᠭᠤᠷᠠᠭᠤᠯᠬᠤ ᠡᠮ ᠤᠤᠭᠤᠪᠠᠯ ᠵᠣᠬᠢᠨ᠎ᠠ᠂ ᠢᠩᠭᠢᠪᠡᠯ ᠴᠢᠰᠤᠨ ᠳᠠᠷᠤᠯᠲᠠ ᠲᠣᠭᠲᠠᠪᠤᠷᠢ ᠦᠭᠡᠢ ᠪᠣᠯᠬᠤ ᠶᠢ | ᠰᠡᠷᠭᠡᠶᠢᠯᠡᠵᠦ ᠴᠢᠳᠠᠨ᠎ᠠ᠃ 2. ᠦᠳᠡ ᠶᠢᠨ ᠡᠮᠦᠨᠡᠬᠢ 9 ᠴᠠᠭ ᠠᠴᠠ 11 ᠴᠠᠭ ᠪᠤᠯᠳᠠᠯᠠᠬᠢ ᠦᠶ᠎ᠡ ᠡᠨᠡ ᠦᠶ᠎ᠡ ᠳᠤ | ᠴᠢᠰᠤᠨ ᠳᠠᠷᠤᠯᠲᠠ ᠥᠨᠳᠥᠷ ᠪᠠᠶᠢᠵᠤ᠂ ᠰᠣᠯᠪᠢᠭᠤ ᠮᠡᠳᠡᠷᠡᠯ ᠬᠥᠭᠡᠷᠴᠦ᠂ ᠬᠥᠮᠥᠰ ᠰᠡᠳᠬᠢᠯ ᠳᠣᠭᠳᠣᠯᠤᠨ | ᠬᠥᠭᠡᠷᠳᠡᠭ᠃ ᠡᠭᠦᠨ ᠤ ᠬᠠᠮᠲᠤ ᠪᠤᠯᠴᠢᠩ ᠰᠢᠷᠪᠦᠰᠦ ᠨᠢ ᠠᠮᠢᠳᠤᠯᠢᠭ ᠬᠥᠳᠡᠯᠭᠡᠭᠡᠨᠲᠦ ᠪᠠᠶᠢᠳᠠᠯ ᠳᠤ ᠣᠷᠣᠰᠢᠵᠤ᠂ | ᠣᠯᠠᠨ ᠵᠦᠢᠯ ᠤᠨ ᠡᠯᠧᠮᠧᠨ᠋ᠲ ᠳᠠᠪᠬᠤᠴᠠᠬᠤ ᠳᠤ ᠬᠦᠷᠪᠡᠯ ᠲᠣᠯᠪᠤ ᠨᠢ ᠲᠣᠭᠲᠠᠪᠤᠷᠢ ᠦᠭᠡᠢ ᠪᠣᠯᠵᠤ᠂ ᠵᠢᠷᠦᠬᠡ | ᠪᠠᠵᠠᠯᠠᠵᠤ ᠡᠪᠡᠳᠬᠦ᠂ ᠵᠢᠷᠦᠬᠡᠨ ᠲᠦᠭᠵᠢᠷᠡᠯ ᠵᠡᠷᠭᠡ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ | ᠲᠦᠭᠰᠢᠭᠦᠷᠢ ᠶᠢ ᠨᠡᠮᠡᠭᠳᠡᠭᠦᠯᠳᠡᠭ᠃ ᠰᠠᠨᠠᠭᠤᠯᠤᠮᠵᠢ᠄ ᠦᠳᠡ ᠶᠢᠨ ᠬᠤᠭᠤᠯᠠ ᠪᠠᠨ ᠬᠡᠲᠦᠷᠡᠲᠡᠯ᠎ᠡ ᠢᠳᠡᠵᠦ ᠪᠣᠯᠬᠤ | ᠦᠭᠡᠢ᠂ ᠬᠤᠭᠤᠯᠠᠨ ᠤ ᠳᠠᠷᠠᠭ᠎ᠠ ᠰᠡᠯᠡᠭᠦᠴᠡᠨ ᠠᠯᠬᠤᠵᠤ᠂ ᠦᠳᠡ ᠳᠤ ᠴᠢᠳᠠᠬᠤ ᠶᠢᠨ ᠳᠣᠲᠣᠷ᠎ᠠ ᠬᠠᠭᠠᠰ ᠴᠠᠭ | ᠤᠨᠲᠠᠬᠤ ᠬᠡᠷᠡᠭᠲᠡᠢ᠃ 3. ᠦᠳᠡ ᠶᠢᠨ ᠬᠤᠶᠢᠨᠠᠬᠢ 15 ᠴᠠᠭ ᠠᠴᠠ 17 ᠴᠠᠭ ᠪᠤᠯᠳᠠᠯᠠᠬᠢ ᠦᠶ᠎ᠡ ᠦᠳᠡ ᠶᠢᠨ | ᠡᠮᠦᠨ᠎ᠡ ᠬᠠᠲᠠᠭᠤᠵᠢᠯᠲᠠᠢ ᠠᠵᠢᠯᠯᠠᠬᠤ ᠪᠠᠷ ᠳᠠᠮᠵᠢᠨ᠂ ᠪᠡᠶ᠎ᠡ ᠮᠠᠬᠠᠪᠤᠳ ᠪᠠ ᠶᠡᠭᠡ ᠲᠠᠷᠢᠬᠢ ᠪᠦᠷ ᠨᠡᠯᠢᠶᠡᠳ | ᠶᠠᠳᠠᠷᠠᠭᠰᠠᠨ ᠪᠠᠶᠢᠳᠠᠯ ᠳᠤ ᠣᠷᠣᠳᠠᠭ︔ ᠦᠳᠡ ᠶᠢᠨ ᠬᠤᠶᠢᠨᠠᠬᠢ 16 ᠴᠠᠭ ᠠᠴᠠ ᠡᠬᠢᠯᠡᠨ ᠬᠥᠮᠥᠨ ᠤ ᠪᠡᠶ᠎ᠡ ᠶᠢᠨ | ᠴᠢᠰᠤᠨ ᠳᠠᠷᠤᠯᠲᠠ ᠲᠠᠬᠢᠨ ︽ᠥᠨᠳᠥᠷᠵᠢᠳᠡᠭ︾ ᠠᠴᠠ ᠵᠢᠷᠦᠬᠡ ᠪᠠᠵᠠᠯᠠᠵᠤ ᠡᠪᠡᠳᠬᠦ᠂ ᠵᠢᠷᠦᠬᠡᠨ ᠪᠤᠯᠴᠢᠩ ᠤᠨ | ᠲᠦᠭᠵᠢᠷᠡᠯ ᠵᠡᠷᠭᠡ ᠭᠡᠨᠡᠳᠡᠯ ᠡᠭᠦᠰᠳᠡᠭ᠃ ᠰᠠᠨᠠᠭᠤᠯᠤᠮᠵᠢ᠄ ᠠᠵᠢᠯ ᠤᠨ ᠵᠠᠪᠰᠠᠷ ᠲᠠᠭᠠᠨ ᠬᠡᠳᠦ ᠤᠳᠠᠭ᠎ᠠ ᠪᠣᠰᠴᠤ | ᠬᠥᠳᠡᠯᠭᠡᠭᠡᠨ ᠬᠢᠵᠦ ᠪᠣᠯᠣᠨ᠎ᠠ᠂ ᠣᠷᠣᠢ ᠶᠢᠨ ᠬᠤᠭᠤᠯᠠ ᠪᠠᠨ ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ᠃ | ᠤᠨᠲᠠᠬᠤ ᠠᠴᠠ ᠪᠠᠨ ᠡᠮᠦᠨ᠎ᠡ ᠪᠢᠲᠡᠭᠡᠢ ᠭᠠᠷ ᠤᠲᠠᠰᠤ ᠪᠠᠨ ᠦᠵᠡᠭᠡᠳ ᠪᠠᠶᠢᠭᠠᠷᠠᠢ᠂ ᠨᠣᠮ ᠤᠩᠰᠢᠬᠤ ᠪᠤᠶᠤ ᠳᠠᠭᠤᠤ | ᠰᠣᠨᠣᠰᠴᠤ᠂ ᠪᠡᠶ᠎ᠡ ᠰᠡᠳᠬᠢᠯ ᠢᠶᠠᠨ ᠪᠦᠷᠢᠮᠦᠰᠦᠨ ᠰᠤᠯᠠ ᠲᠠᠯᠪᠢᠵᠤ᠂ ᠤᠨᠲᠠᠬᠤ ᠪᠠᠷ ᠪᠡᠯᠡᠳᠬᠡᠵᠦ ᠪᠣᠯᠣᠨ᠎ᠠ᠃ |