ᠦᠨᠢᠶᠡᠨ ᠰᠦ ᠶᠢ ᠶᠠᠭᠠᠬᠢᠵᠤ ᠰᠣᠩᠭᠤᠬᠤ ᠪᠤᠢ︖ ᠡᠨᠡ ᠬᠡᠳᠦᠨ ᠲᠠᠯ᠎ᠠ ᠶᠢ ᠠᠩᠬᠠᠷᠤᠭᠠᠷᠠᠢ︕
ᠨᠡᠶᠢᠲᠡᠯᠡᠭᠰᠡᠨ ᠴᠠᠭ᠄
2024/6/19
   ᠡᠩ ᠲᠡᠷᠢᠭᠦᠨ ᠳᠤ᠂ ᠪᠣᠯᠪᠠᠰᠤᠷᠠᠭᠤᠯᠬᠤ ᠨᠢ ᠬᠡᠳᠦᠢ ᠲᠥᠬᠦᠮ ᠪᠣᠯ ᠦᠨᠢᠶᠡᠨ ᠰᠦ ᠶᠢᠨ ᠳᠣᠲᠣᠷᠠᠬᠢ ᠰᠢᠮ᠎ᠡ ᠲᠡᠵᠢᠭᠡᠯᠲᠦ ᠡᠳ᠋ ᠤᠨ ᠬᠤᠬᠢᠷᠠᠯ ᠲᠡᠳᠦᠢ ᠪᠠᠭ᠎ᠠ ᠪᠠᠶᠢᠳᠠᠭ᠂ ᠭᠡᠷ ᠲᠡᠭᠡᠨ ᠫᠠᠰᠳᠧᠷ ᠨᠡᠷᠡᠮᠵᠢᠳᠦ ᠰᠦ ᠶᠢ ᠤᠷᠢᠳ ᠢᠶᠠᠷ ᠰᠣᠩᠭᠤᠵᠤ ᠪᠣᠯᠣᠨ᠎ᠠ᠃ ᠳᠠᠷᠠᠭ᠎ᠠ ᠳᠤᠨᠢ᠂ ᠦᠨᠢᠶᠡᠨ ᠰᠦ ᠶᠢᠨ ᠭᠠᠳᠠᠷ ᠪᠣᠭᠤᠳᠠᠯ ᠢ ᠦᠵᠡᠵᠦ ᠰᠤᠷᠬᠤ ᠬᠡᠷᠡᠭᠲᠡᠢ᠃ ᠨᠢᠭᠡ ᠳᠤ ᠨᠠᠶᠢᠷᠠᠯᠭ᠎ᠠ ᠶᠢᠨ ᠬᠦᠰᠦᠨᠦᠭᠲᠦ ᠶᠢ ᠦᠵᠡᠬᠦ ᠬᠡᠷᠡᠭᠲᠡᠢ᠃ ᠲᠦᠭᠦᠬᠡᠢ ᠡᠳ᠋ ᠨᠢ ᠵᠥᠪᠬᠡᠨ ᠰᠢᠨ᠎ᠡ ᠰᠦ ᠪᠠᠷ ᠨᠠᠶᠢᠷᠠᠭᠰᠠᠨ ᠢ ᠰᠣᠩᠭᠤᠬᠤ ᠬᠡᠷᠡᠭᠲᠡᠢ᠂ ᠡᠶᠢᠮᠦ ᠰᠦ ᠨᠢ ᠰᠠᠶ᠋ᠢ ᠴᠡᠪᠡᠷ ᠰᠦ ᠪᠣᠯᠣᠨ᠎ᠠ᠃ ᠬᠤᠶᠠᠷ ᠲᠤ ᠰᠢᠮ᠎ᠡ ᠲᠡᠵᠢᠭᠡᠯ ᠤᠨ ᠪᠦᠷᠢᠯᠳᠦᠭᠦᠨ ᠤ ᠬᠦᠰᠦᠨᠦᠭᠲᠦ ᠶᠢ ᠦᠵᠡᠬᠦ ᠬᠡᠷᠡᠭᠲᠡᠢ᠃ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠪᠡᠯ᠂ ᠦᠨᠢᠶᠡᠨ ᠰᠦ ᠳᠠᠬᠢ ᠤᠭᠤᠷᠠᠭ ᠤᠨ ᠠᠭᠤᠯᠤᠭᠳᠠᠴᠠ ᠨᠢ 100 ᠮᠢᠯᠢᠯᠢᠳ᠋ᠷ ᠪᠦᠷᠢ ᠳᠤ 2.8 ᠭᠷᠡᠮ ᠠᠴᠠ ᠳᠣᠣᠷ᠎ᠠ ᠪᠠᠶᠢᠵᠤ ᠪᠣᠯᠬᠤ ᠦᠭᠡᠢ᠃ ᠤᠭᠤᠷᠠᠭ ᠤᠨ ᠠᠭᠤᠯᠤᠭᠳᠠᠴᠠ ᠬᠡᠳᠦᠢ ᠥᠨᠳᠥᠷ ᠪᠣᠯ ᠰᠢᠮ᠎ᠡ ᠲᠡᠵᠢᠭᠡᠯ ᠨᠢ ᠠᠶᠠᠨᠳᠠᠭᠠᠨ ᠲᠡᠳᠦᠢ ᠥᠨᠳᠥᠷ ᠪᠠᠶᠢᠳᠠᠭ᠃ ᠶᠡᠷᠦ ᠳᠡᠭᠡᠨ 100 ᠮᠢᠯᠢᠯᠢᠳ᠋ᠷ ᠦᠨᠢᠶᠡᠨ ᠰᠦ ᠳᠣᠲᠣᠷᠠᠬᠢ ᠺᠠᠯᠼ ᠤᠨ ᠠᠭᠤᠯᠤᠭᠳᠠᠴᠠ ᠨᠢ 90 ~120 ᠮᠢᠯᠢᠭᠷᠡᠮ ᠪᠠᠶᠢᠳᠠᠭ︔ ᠬᠡᠷᠪᠡ ᠺᠠᠯᠼ ᠤᠨ ᠠᠭᠤᠯᠤᠭᠳᠠᠴᠠ ᠨᠢ 120 ᠮᠢᠯᠢᠭᠷᠡᠮ ᠠᠴᠠ ᠥᠨᠳᠥᠷ ᠪᠠᠶᠢᠪᠠᠯ ᠲᠡᠭᠦᠨ ᠢ ᠳᠠᠷᠤᠢ ᠺᠠᠯᠼ ᠥᠨᠳᠥᠷ ᠰᠦ ᠭᠡᠨ᠎ᠡ᠃ ᠬᠠᠮᠤᠭ ᠰᠡᠭᠦᠯ ᠳᠤ᠂ ᠦᠨᠢᠶᠡᠨ ᠰᠦ ᠶᠢ ᠰᠣᠩᠭᠤᠬᠤ ᠳᠤ ᠬᠥᠮᠥᠨ ᠬᠥᠮᠥᠨ ᠤ ᠪᠠᠶᠢᠳᠠᠯ ᠳᠤᠨᠢ ᠲᠣᠬᠢᠷᠠᠭᠤᠯᠤᠨ ᠰᠣᠩᠭᠤᠬᠤ ᠪᠠᠶᠢᠬᠤ ᠬᠡᠷᠡᠭᠲᠡᠢ᠂ ᠲᠣᠰᠣ ᠶᠢ ᠨᠢ ᠠᠪᠤᠭᠰᠠᠨ ᠰᠦ ᠨᠢ ᠨᠠᠩ ᠢᠯᠡᠭᠦᠦ ᠡᠷᠡᠭᠦᠯ ᠴᠢᠭᠢᠷᠠᠭ ᠲᠤ ᠠᠰᠢᠭᠲᠠᠢ ᠪᠢᠰᠢ ᠶᠤᠮ᠃ ᠬᠡᠷᠪᠡ ᠲᠠ ᠴᠢᠰᠤᠨ ᠤ ᠥᠭᠡᠬᠦ ᠬᠡᠪ ᠤᠨ ᠪᠤᠰᠤ ᠪᠠᠶᠢᠳᠠᠯ ᠲᠠᠢ ᠪᠣᠯ ᠵᠣᠬᠢᠬᠤ ᠬᠡᠮᠵᠢᠶᠡᠨ ᠤ ᠲᠣᠰᠣ ᠶᠢ ᠨᠢ ᠠᠪᠤᠭᠰᠠᠨ ᠰᠦ ᠪᠤᠶᠤ ᠲᠣᠰᠣ ᠶᠢ ᠨᠢ ᠬᠠᠭᠠᠰ ᠠᠪᠤᠭᠰᠠᠨ ᠰᠦ ᠶᠢ ᠰᠣᠩᠭᠤᠵᠤ ᠪᠣᠯᠣᠨ᠎ᠠ᠃ ᠨᠠᠰᠤᠲᠠᠶᠢᠴᠤᠳ ᠪᠠ ᠬᠡᠦᠬᠡᠳ ᠲᠤ ᠠᠪᠴᠤ ᠬᠡᠯᠡᠪᠡᠯ᠂ ᠦᠨᠡᠨ ᠳᠡᠭᠡᠨ ᠴᠤᠯᠤ ᠰᠦ ᠤᠤᠭᠤᠪᠠᠯ ᠨᠡᠩ ᠰᠠᠶᠢᠨ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号